ᠲᠠᠷᠢᠶᠠᠨ ᠭᠠᠵᠠᠷ ᠡᠨᠡ ᠬᠠᠪᠤᠷ ᠰᠢᠨ᠎ᠡ ᠤᠰᠤᠯᠠᠯᠲᠠ ᠶᠢᠨ ᠲᠠᠷᠢᠶ᠎ᠠ ᠪᠣᠯᠵᠠᠢ
ᠨᠡᠶᠢᠲᠡᠯᠡᠭᠰᠡᠨ ᠴᠠᠭ᠄
2024/6/7
85.png
       ᠲᠦᠩᠯᠢᠶᠣᠣ ᠬᠤᠳᠠ ᠶᠢᠨ ᠨᠠᠢᠮᠠᠨ ᠬᠤᠰᠢᠭᠤᠨ ᠤ ᠢ ᠯᠦᠩ ᠶᠦᠩ ᠪᠠᠯᠭᠠᠰᠤᠨ ᠤ ᠨᠠᠨ ᠯᠢᠶᠠᠩ ᠲᠣᠰᠬᠤᠨ ᠬᠢᠭᠡᠳ ᠳ᠋ᠠ ᠶᠢᠩᠽᠢ ᠲᠣᠰᠬᠤᠨ ᠤ 5000 ᠮᠦ ᠲᠠᠷᠢᠶᠠᠨ ᠭᠠᠵᠠᠷ ᠡᠨᠡ ᠬᠠᠪᠤᠷ  ᠰᠢᠨ᠎ᠡ ᠤᠰᠤᠯᠠᠯᠲᠠ ᠶᠢᠨ ᠲᠠᠷᠢᠶ᠎ᠠ ᠪᠣᠯᠵᠤ᠂ ᠬᠥᠮᠥᠰ ᠬᠡᠳᠦᠨ ᠺᠢᠯᠣᠮᠧᠲᠷ ᠤᠨ ᠬᠤᠯᠠ ᠠᠴᠠ ᠲᠠᠲᠠᠵᠤ ᠠᠪᠴᠢᠷᠠᠭᠰᠠᠨ ᠤᠰᠤ ᠪᠠᠷ ᠲᠠᠷᠢᠶ᠎ᠠ ᠪᠠᠨ ᠤᠰᠤᠯᠠᠵᠤ ᠶᠠᠭᠠᠷᠠᠯᠳᠤᠨ᠎ᠠ᠃ 2023 ᠣᠨ ᠳᠤ᠂ ᠢ ᠯᠦᠩ ᠶᠦᠩ ᠪᠠᠯᠭᠠᠰᠤᠨ ᠤ ᠵᠠᠰᠠᠭ ᠤᠨ ᠣᠷᠳᠣᠨ ᠠᠴᠠ ᠪᠡᠭᠡᠵᠢᠩ ᠬᠢᠭᠡᠳ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 700 ᠲᠦᠮᠡᠨ ᠲᠥᠭᠦᠷᠢᠭ ᠵᠣᠬᠢᠴᠠᠭᠤᠯᠵᠤ ᠪᠠᠶᠢᠭᠠᠳ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠰᠤᠷᠪᠤᠯᠵᠢ ᠶᠢᠨ ᠢᠨᠵᠧᠨᠧᠷᠢᠩ ᠢ ᠬᠡᠷᠡᠭᠵᠢᠭᠦᠯᠦᠨ᠂ ᠳ᠋ᠠ ᠶᠢᠩᠽᠢ ᠲᠣᠰᠬᠤᠨ ᠳᠤ 4.2 ᠲᠦᠮᠡᠨ ᠮᠧᠲᠷ ᠤᠰᠤ ᠳᠠᠮᠵᠢᠭᠤᠯᠬᠤ ᠬᠤᠭᠤᠯᠠᠢ᠂ ᠨᠠᠨ ᠯᠢᠶᠠᠩ ᠲᠣᠰᠬᠤᠨ ᠳᠤ 2.4 ᠲᠦᠮᠡᠨ ᠮᠧᠲᠷ ᠤᠰᠤ ᠳᠠᠮᠵᠢᠭᠤᠯᠬᠤ ᠬᠤᠭᠤᠯᠠᠢ ᠶᠢ ᠰᠢᠨ᠎ᠡ ᠪᠠᠷ ᠤᠭᠰᠠᠷᠠᠵᠤ᠂ 12 ᠴᠠᠭᠢᠯᠭᠠᠨ ᠬᠤᠳᠳᠤᠭ ᠮᠠᠯᠲᠠᠨ᠂ 5 ᠬᠦᠴᠦᠳᠡᠯ ᠥᠭᠡᠷᠡᠴᠢᠯᠡᠭᠴᠢ ᠪᠣᠰᠬᠠᠵᠤ᠂ ᠬᠤᠳᠳᠤᠭ ᠤᠨ ᠦᠷᠦᠭᠡ᠂ ᠤᠰᠤᠨ ᠬᠥᠭᠡᠷᠭᠡ ᠵᠡᠷᠭᠡ ᠬᠠᠮᠢᠶ᠎ᠠ ᠪᠦᠬᠦᠢ ᠳᠠᠭᠠᠯᠲᠠ ᠲᠥᠬᠦᠭᠡᠷᠦᠮᠵᠢ ᠶᠢ ᠢᠵᠢ ᠪᠦᠷᠢᠳᠦᠭᠦᠯᠵᠦ ᠥᠭᠴᠡᠢ᠃      ᠲᠤᠰ ᠰᠣᠨᠢᠨ ᠤ ᠰᠤᠷᠪᠤᠯᠵᠢᠯᠠᠬᠴᠢ ᠪᠦᠦ ᠴᠢᠩ ᠱᠧᠩ ᠰᠡᠭᠦᠳᠡᠷᠯᠡᠪᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号