ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽7·1︾ ᠤ ᠬᠥᠬᠢᠭᠦᠯᠦᠨ ᠰᠠᠶᠢᠰᠢᠶᠠᠬᠤ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
      7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽7·1︾ ᠤ ᠬᠥᠬᠢᠭᠦᠯᠦᠨ ᠰᠠᠶᠢᠰᠢᠶᠠᠬᠤ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠠᠬᠠᠮᠠᠳ ᠨᠠᠮ ᠤᠨ ᠭᠡᠰᠢᠭᠦᠨ ᠳᠤ ︽ᠢᠷᠠᠭᠤ ᠠᠯᠳᠠᠷᠲᠠᠢ ᠪᠠᠷ ᠨᠠᠮ ᠳᠤ ᠤᠷᠤᠭᠠᠳ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠣᠯᠭᠤᠵᠤ᠂ 12 ᠲᠡᠷᠢᠭᠦᠨ ᠤ ᠬᠠᠮᠲᠤ ᠨᠡᠶᠢᠲᠡ ᠪᠠ 78 ᠰᠢᠯᠢᠳᠡᠭ ᠺᠠᠳ᠋ᠷ ᠢ ᠬᠥᠬᠢᠭᠦᠯᠦᠨ ᠰᠠᠶᠢᠰᠢᠶᠠᠪᠠ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠭᠰᠠᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ 
1.jpg
       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠸᠢᠳᠢᠣ᠋ ᠶᠢ ᠵᠣᠬᠢᠶᠠᠨ ᠪᠠᠶᠢᠭᠤᠯᠤᠨ ᠦᠵᠡᠵᠦ᠂ ᠲᠢᠩᠬᠢᠮ ᠤᠨ ᠰᠢᠰᠲ᠋ᠧᠮ ᠤᠨ ︽ᠪᠦᠷᠢᠶ᠎ᠡ ᠬᠤᠷᠣᠬᠠᠢ ᠶᠢᠨ ᠱᠠᠩᠨᠠᠯ︾ ᠤᠨ ᠬᠠᠮᠲᠤ ᠶᠢᠨ ᠨᠡᠷᠡᠰ ᠢ ᠵᠠᠷᠯᠠᠨ ᠮᠡᠳᠡᠭᠳᠡᠪᠡ᠃ 
2.jpg
 
3.jpg
 
4.jpg
 
5.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠲᠢᠩᠬᠢᠮ ᠤᠨ ᠰᠢᠰᠲ᠋ᠧᠮ ᠤᠨ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠪᠠ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠶᠡᠭᠡ ᠨᠠᠮ ᠤᠨ ᠪᠠᠶᠢᠭᠤᠯᠤᠯᠲᠠ ᠶᠢ ᠪᠠᠷᠢᠮᠲᠠᠯᠠᠵᠤ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ ᠶᠢ ᠪᠠᠷᠢᠮᠲᠠᠯᠠᠵᠤ᠂ ᠵᠢᠱᠢᠶᠡᠴᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢ ᠡᠭᠦᠳᠦᠨ ᠪᠠᠶᠢᠭᠤᠯᠬᠤ ᠪᠠ ᠲᠠᠪᠤᠨ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ᠂ ᠠᠵᠤ ᠠᠬᠤᠢ ᠶᠢᠨ ᠭᠦᠢᠴᠡᠳᠬᠡᠯ ᠲᠤᠭ᠎ᠠ᠂ ᠪᠡᠯᠡ ᠮᠥᠩᠭᠦ ᠲᠥᠷᠥᠯ ᠵᠦᠢᠯ ᠢ ᠲᠡᠮᠡᠴᠡᠨ ᠣᠯᠬᠤ᠂ ᠬᠢᠨᠠᠨ ᠰᠢᠯᠭᠠᠭᠰᠠᠨ ᠠᠮᠵᠢᠯᠲᠠ ᠪᠦᠲᠦᠮᠵᠢ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ ᠭᠡᠵᠡᠢ᠃
6.jpg
7.jpg
 
8.jpg
      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ︽ᠶᠡᠭᠡ ᠶᠣᠰᠣ ᠮᠣᠷᠠᠯ ᠢ ᠮᠡᠳᠡᠵᠦ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠮᠣᠷᠠᠯ ᠢ ᠴᠢᠩᠳᠠᠯᠠᠬᠤ︾ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠪᠥᠬᠦ ᠲᠠᠯ᠎ᠠ ᠪᠠᠷ ᠡᠵᠡᠮᠰᠢᠵᠦ᠂ ᠴᠢᠩᠭ᠎ᠠ ᠵᠢᠷᠤᠮᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ︽ᠭᠠᠵᠠᠷ ᠤᠰᠤ ᠦᠷ᠎ᠡ ᠮᠡᠷᠭᠡᠵᠢᠯ᠂ ᠠᠮᠤ ᠮᠢᠬ᠎ᠠ ᠰᠦ ᠡᠪᠡᠰᠦ᠂ ᠬᠡᠯᠬᠢᠶ᠎ᠡ ᠦᠢᠯᠡᠴᠢᠯᠡᠭᠡ ᠠᠭᠤᠰᠤᠯᠴᠠᠯ ᠦᠭᠡᠷᠡᠴᠢᠯᠡᠯᠲᠡ︾ ᠠᠷᠪᠠᠨ ᠬᠤᠶᠠᠷ ᠦᠰᠦᠭ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠤᠨ ᠬᠦᠴᠢᠷ ᠪᠡᠷᠬᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠢ ᠡᠷᠢᠵᠦ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ ᠠᠵᠤ ᠠᠬᠤᠢ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠰᠢᠨ᠎ᠡ ᠰᠢᠪᠲᠤᠯᠤᠯᠲᠠ ᠲᠠᠢ ᠪᠣᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ᠂ ᠪᠦᠲᠦᠮᠵᠢᠲᠡᠢ ᠵᠣᠯᠭᠠᠭᠤᠯᠬᠤ᠂ ᠵᠠᠭᠤᠨ ᠬᠦᠷᠢᠶᠡᠯᠡᠩ ᠵᠠᠭᠤᠨ ᠳᠡᠯᠭᠡᠭᠦᠷ ᠢ ᠡᠭᠦᠳᠦᠨ ᠪᠠᠶᠢᠭᠤᠯᠬᠤ ᠪᠠ ᠵᠠᠭᠤᠨ ᠬᠤᠯᠪᠣᠭ᠎ᠠ ᠵᠠᠭᠤᠨ ᠤᠶᠤᠨ ᠵᠠᠭᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠪᠣᠯᠣᠨ ᠲᠠᠶᠢᠯᠤᠮᠵᠢ ᠶᠢ ᠴᠢᠩᠭᠠᠳᠬᠠᠵᠤ᠂ ᠤᠯᠠᠨ ᠲᠦᠮᠡᠨ ᠳᠤ ᠮᠡᠳᠡᠭᠦᠯᠵᠦ᠂ ︽ᠭᠤᠣᠯ ᠴᠣᠭᠴᠠ︾ ᠶᠢ ᠣᠶᠢᠯᠠᠭᠠᠭᠤᠯᠵᠤ᠂ ᠺᠠᠳ᠋ᠷᠴᠤᠳ ᠲᠤ ᠣᠶᠢᠯᠠᠭᠠᠭᠤᠯᠵᠤ᠂ ︽ᠮᠣᠷᠢ ᠤᠷᠤᠯᠳᠤᠬᠤ ᠤᠬᠠᠮᠰᠠᠷ︾᠂ ᠬᠠᠮᠲᠤᠷᠠᠯᠴᠠᠭᠠᠨ ᠤ ᠤᠬᠠᠮᠰᠠᠷ᠂ ᠥᠭᠡᠷᠡᠴᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠬᠦᠴᠢᠷ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠵᠦ᠂ ᠺᠠᠳ᠋ᠷ ᠤᠨ ᠰᠤᠷᠲᠠᠯ ᠢ ᠬᠤᠪᠢᠷᠠᠭᠤᠯᠵᠤ᠂ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠶᠡᠭᠡ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠪᠡ᠃
9.jpg
 
10.jpg
       ᠠᠯᠪᠠᠨ ᠳᠠᠭᠠᠨ ᠪᠠᠶᠢᠭ᠎ᠠ ᠤᠳᠤᠷᠢᠳᠤᠯᠭ᠎ᠠ᠂ ᠬᠥᠬᠢᠭᠦᠯᠦᠭᠳᠡᠨ ᠰᠠᠶᠢᠰᠢᠶᠠᠭᠳᠠᠭᠰᠠᠨ ᠨᠢᠭᠡᠴᠢ ᠪᠣᠯᠣᠨ ᠬᠤᠪᠢ ᠬᠥᠮᠥᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ ᠪᠣᠯᠣᠨ ᠲᠢᠩᠬᠢᠮ ᠤᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠤ᠂ ᠲᠢᠩᠬᠢᠮ ᠤᠨ ᠰᠢᠰᠲ᠋ᠧᠮ ᠳᠤ 12 ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ 665 ᠨᠠᠮ ᠤᠨ ᠭᠡᠰᠢᠭᠦᠨ᠂ ᠺᠠᠳ᠋ᠷ᠂ ᠠᠵᠢᠯᠲᠠᠨ ᠠᠵᠢᠯᠴᠢᠨ ᠶᠡᠭᠡ ᠬᠤᠷᠠᠯ ᠳᠤ ᠣᠷᠣᠯᠴᠠᠵᠠᠢ᠃
11.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号