ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠤᠯᠠᠭᠠᠨᠴᠠᠪ ᠬᠤᠲᠠ ᠳᠤ ᠬᠦᠷᠴᠦ ᠨᠠᠷᠠᠲᠤ ᠲᠡᠮᠳᠡᠭᠲᠦ ᠡᠵᠡᠩᠨᠡᠨ ᠪᠣᠷᠣᠯᠠᠭᠤᠯᠬᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 24 - 25 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠤᠳᠤᠯᠭᠠᠨ ᠤ ᠲᠥᠪ ᠤᠨ ᠡᠷᠬᠢᠯᠡᠭᠴᠢ ᠯᠦ ᠵᠢᠤᠸᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠦ᠋ ᠪᠢᠩ ᠴᠢᠤᠸᠠᠨ᠂ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠨᠠᠷ ᠤᠯᠠᠭᠠᠨᠴᠠᠪ ᠬᠤᠲᠠ ᠳᠤ ᠬᠦᠷᠴᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ ᠃      ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠤᠷᠢᠳ ᠬᠤᠵᠢᠳ ᠰᠢ ᠰᠧᠨ ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠯᠠᠨ ᠭᠧ ᠭᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ︽ᠤᠤᠯ ᠠᠮᠲᠠ ᠶᠢᠨ ᠤᠯᠠᠭᠠᠨᠴᠠᠪ ︾ ᠤᠨ ᠡᠵᠡᠩᠨᠡᠨ ᠪᠣᠷᠣᠯᠠᠭᠤᠯᠬᠤ ᠲᠥᠪ᠂ ᠰᠠᠢ ᠵᠦ ᠯᠢᠶᠠᠩ ᠢᠳᠡᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠳᠡᠭᠡ ᠨᠤᠲᠤᠭ ᠤᠨ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ  ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ᠂ ᠨᠠᠷᠠᠲᠤ ᠲᠡᠮᠳᠡᠭᠲᠦ ᠶᠢᠨ ᠬᠥᠭᠵᠢᠯᠲᠡ ᠶᠢᠨ ᠶᠠᠪᠤᠴᠠ᠂ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠯᠠᠭᠠᠨᠴᠠᠪ ᠬᠤᠳᠠ ᠶᠢᠨ ᠠᠵᠤ ᠦᠢᠯᠡᠰ ᠤᠨ ᠳᠡᠭᠡᠭᠰᠢᠯᠡᠯᠲᠡ᠂ ᠨᠡᠷᠡᠲᠦ ᠲᠡᠮᠳᠡᠭᠲᠦ ᠶᠢᠨ ᠪᠠᠶᠢᠭᠤᠯᠤᠯᠲᠠ᠂ ︽ᠤᠤᠯ ᠠᠮᠲᠠ ᠶᠢᠨ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠡᠵᠡᠩᠨᠡᠨ ᠪᠣᠷᠣᠯᠠᠭᠤᠯᠤᠯᠲᠠ ᠶᠢ ᠳᠡᠯᠭᠡᠷᠡᠭᠦᠯᠬᠦ ᠲᠠᠯ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠣᠳᠣᠬᠢ ᠱᠠᠲᠤᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠠᠷᠠᠲᠤ ᠲᠡᠮᠳᠡᠭᠲᠦ ᠪᠣᠯ ᠲᠠᠷᠢᠶᠠᠯᠠᠩ ᠤᠨ ᠥᠷᠢᠰᠦᠯᠳᠦᠬᠦ ᠬᠦᠴᠦᠨ ᠤ ᠭᠤᠣᠯ ᠪᠡᠯᠭᠡ ᠲᠡᠮᠳᠡᠭ ᠮᠥᠨ᠂ ᠣᠲᠣ ᠦᠶ᠎ᠡ ᠶᠢᠨ ᠲᠠᠷᠢᠶᠠᠯᠠᠩ ᠤᠨ ᠴᠢᠬᠤᠯᠠ ᠬᠥᠳᠡᠯᠭᠡᠭᠦᠷ ᠮᠥᠨ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠪᠣᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ ᠤᠨ ᠪᠦᠲᠦᠮᠵᠢᠲᠡᠶ ᠠᠷᠭ᠎ᠠ ᠵᠠᠮ ᠢ ᠬᠡᠷᠡᠭᠵᠢᠭᠦᠯᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠨᠡᠷᠡᠲᠦ ᠲᠡᠮᠳᠡᠭᠲᠦ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠲᠦᠷᠦᠯ ᠲᠡᠮᠳᠡᠭ ᠤᠨ ᠳᠦᠷᠢ ᠲᠥᠷᠬᠦ ᠶᠢ ᠪᠤᠢ ᠪᠣᠯᠭᠠᠵᠤ᠂ ᠬᠡᠷᠡᠭᠯᠡᠭᠴᠢᠳ ᠲᠤ ᠨᠡᠷᠡᠲᠦ ᠲᠡᠮᠳᠡᠭᠲᠦ ᠶᠢᠨ ᠰᠣᠶᠣᠯ ᠤᠨ ᠣᠶᠢᠯᠠᠭᠠᠭᠳᠠᠬᠤᠨ ᠢ ᠳᠠᠮᠵᠢᠭᠤᠯᠵᠤ᠂ ᠨᠡᠷᠡᠲᠦ ᠲᠡᠮᠳᠡᠭᠲᠦ ᠶᠢᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠪᠣᠯᠣᠨ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠰᠢᠯᠢᠳᠡᠭ ᠣᠷᠣᠨ ᠨᠤᠲᠤᠭ ᠤᠨ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠳᠦᠷᠢ ᠲᠥᠷᠬᠦ ᠪᠠᠷ ᠲᠤᠬᠠᠢ ᠶᠢᠨ ᠭᠠᠵᠠᠷ ᠤᠨ ᠲᠠᠷᠢᠶᠠᠯᠠᠩ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠴᠢᠳᠠᠪᠤᠷᠢ ᠣᠯᠭᠤᠬᠤ ᠬᠡᠷᠡᠭᠲᠡᠢ ᠭᠡᠵᠡᠢ᠃
 
ᠢᠷᠡᠯᠲᠡ᠄ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号