︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ ᠬᠠᠩᠵᠧᠦ ᠳᠠᠬᠢ ᠪᠣᠯᠵᠤᠭ᠎ᠠ︾ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠦᠵᠡᠰᠬᠦᠯᠡᠩ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠲᠠᠨᠢᠯᠴᠠᠭᠤᠯᠭ᠎ᠠ ᠶᠢᠨ ᠬᠤᠷᠠᠯ ᠵᠡᠷᠭᠡ ᠠᠵᠢᠯᠯᠠᠭ᠎ᠠ ᠶᠢᠨ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢ ᠡᠯᠰᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/1
      ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ ᠬᠠᠩᠵᠧᠦ ᠳᠠᠬᠢ ᠪᠣᠯᠵᠤᠭ᠎ᠠ︾︱ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠦᠵᠡᠰᠬᠦᠯᠡᠩ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠲᠠᠨᠢᠯᠴᠠᠭᠤᠯᠭ᠎ᠠ ᠶᠢᠨ ᠬᠤᠷᠠᠯ ᠤᠨ ᠦᠢᠯᠡᠴᠢᠯᠡᠭᠡᠨ ᠤ ᠠᠵᠢᠯᠯᠠᠭ᠎ᠠ ᠳᠤ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢ ᠤᠯᠠᠮ ᠨᠢᠭᠡ ᠠᠯᠬᠤᠮ ᠵᠢᠷᠤᠮᠵᠢᠭᠤᠯᠤᠨ ᠣᠷᠣᠯᠴᠠᠭᠤᠯᠵᠤ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠢᠯᠡ᠂ ᠡᠷᠬᠡ ᠲᠡᠭᠰᠢ᠂ ᠲᠥᠪ ᠭᠤᠤᠯᠴᠢ ᠪᠠ ᠥᠷᠢᠰᠦᠯᠳᠦᠭᠡᠨ᠂ ᠰᠢᠯᠢᠳᠡᠭ ᠢ ᠨᠢ ᠰᠣᠩᠭᠤᠬᠤ᠂ ᠦᠨᠡᠨᠴᠢ ᠢᠲᠡᠭᠡᠮᠵᠢ ᠲᠠᠢ ᠪᠠᠶᠢᠬᠤ ᠵᠠᠷᠴᠢᠮ ᠢ ᠵᠢᠷᠤᠮᠯᠠᠨ᠂ ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ ᠨᠡᠶᠢᠭᠡᠮ ᠳᠤ ᠬᠠᠨᠳᠤᠭᠤᠯᠤᠨ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢ ᠢᠯᠡ ᠪᠠᠷ ᠡᠯᠰᠡᠬᠦ ᠪᠠᠷ ᠲᠣᠭᠲᠠᠪᠠ᠂ ᠡᠳᠦᠭᠡ ᠡᠯᠰᠡᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠨᠡᠶᠢᠲᠡᠯᠡᠵᠦ ᠪᠠᠶᠢᠨ᠎ᠠ᠃      ᠨᠢᠭᠡ᠂ ᠡᠯᠰᠡᠬᠦ ᠨᠢᠭᠡᠴᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ      ᠬᠤᠶᠠᠷ᠂ ᠡᠯᠰᠡᠬᠦ ᠲᠥᠷᠥᠯ ᠵᠦᠢᠯ      ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ ᠬᠠᠩᠵᠧᠦ ᠳᠠᠬᠢ ᠪᠣᠯᠵᠤᠭ᠎ᠠ︾︱ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠦᠵᠡᠰᠬᠦᠯᠡᠩ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠲᠠᠨᠢᠯᠴᠠᠭᠤᠯᠭ᠎ᠠ ᠶᠢᠨ ᠬᠤᠷᠠᠯ ᠤᠨ ᠲᠥᠷᠥᠯ ᠵᠦᠢᠯ ᠳᠤ ᠲᠤᠰᠬᠠᠢ ᠮᠡᠷᠭᠡᠵᠢᠯ ᠤᠨ ᠲᠥᠰᠥᠪᠯᠡᠯ᠂ ᠵᠣᠬᠢᠶᠠᠨ ᠪᠠᠶᠢᠭᠤᠯᠤᠯᠲᠠ᠂ ᠬᠡᠷᠡᠭᠵᠢᠭᠦᠯᠦᠯᠲᠡ ᠵᠡᠷᠭᠡ ᠦᠢᠯᠡᠴᠢᠯᠡᠭᠡ ᠬᠠᠩᠭᠠᠬᠤ ᠶᠢᠨ ᠲᠦᠯᠦᠭᠡ ᠶᠤᠮ᠃      ᠠᠵᠢᠯᠯᠠᠭ᠎ᠠ ᠶᠢᠨ ᠭᠠᠵᠠᠷ᠄ ᠵᠧᠵᠢᠶᠠᠩ ᠮᠣᠵᠢ ᠶᠢᠨ ᠬᠠᠩᠵᠧᠦ ᠬᠤᠲᠠ᠃      ᠭᠤᠷᠪᠠ᠂ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢᠨ ᠠᠵᠢᠯ ᠤᠨ ᠠᠭᠤᠯᠭ᠎ᠠ      ︵ᠨᠢᠭᠡ︶ ᠤᠬᠠᠭᠠᠯᠠᠨ ᠰᠡᠳᠦᠬᠦ ᠪᠠ ᠬᠡᠷᠡᠭᠵᠢᠭᠦᠯᠬᠦ᠄ ᠪᠦᠬᠦᠯᠢ ᠴᠣᠭᠴᠠ ᠪᠠᠷ ᠰᠡᠳᠦᠬᠦ᠂ ᠤᠬᠠᠭᠤᠯᠤᠨ ᠳᠡᠯᠭᠡᠷᠡᠭᠦᠯᠬᠦ᠂ ᠲᠤᠬᠠᠢ ᠶᠢᠨ ᠲᠠᠯᠠᠪᠤᠷ ᠤᠨ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠶᠢᠨ ᠦᠢᠯᠡᠴᠢᠯᠡᠭᠡ ᠶᠢ ᠪᠠᠭᠲᠠᠭᠠᠵᠤ᠂ ᠦᠵᠡᠰᠬᠦᠯᠡᠩ ᠤᠨ ᠴᠤᠭᠯᠠᠭᠠᠨ ᠤ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠬᠠᠮᠲᠤ ᠵᠢᠱᠢᠭᠰᠡᠨ ᠦᠷ᠎ᠡ ᠪᠦᠲᠦᠮᠵᠢ ᠳᠤ ᠬᠦᠷᠦᠭᠦᠯᠦᠨ᠎ᠡ᠃ ᠠᠵᠢᠯᠯᠠᠭ᠎ᠠ ᠶᠢᠨ ᠭᠤᠣᠯ ᠠᠭᠤᠯᠭ᠎ᠠ ᠳᠤ᠄      1.ᠡᠬᠢᠯᠡᠭᠦᠯᠬᠦ ᠶᠣᠰᠣᠯᠠᠯ᠄ ᠲᠣᠪᠴᠢ ᠠᠪᠰᠠᠷᠬᠠᠨ ᠡᠬᠢᠯᠡᠯᠲᠡ ᠶᠢᠨ ᠶᠣᠰᠣᠯᠠᠯ᠂ ᠨᠤᠲᠤᠭ ᠤᠰᠤᠨ ᠤ ᠪᠠᠨ ᠰᠠᠶᠢᠨ ᠢ ᠪᠢ ᠲᠠᠨᠢᠯᠴᠠᠭᠤᠯᠤᠶ᠎ᠠ︱ᠲᠠᠷᠢᠶᠠᠯᠠᠩ ᠤᠨ ᠲᠠᠨᠢᠯᠴᠠᠭᠤᠯᠤᠭᠴᠢ ᠶᠢᠨ ᠲᠠᠨᠢᠯᠴᠠᠭᠤᠯᠬᠤ ᠠᠵᠢᠯᠯᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠴᠢᠬᠤᠯᠠ ᠶᠡᠭᠡ ᠦᠷ᠎ᠡ ᠪᠦᠲᠦᠭᠡᠯ ᠤᠨ ᠦᠵᠡᠭᠦᠯᠭᠡ᠂ ᠪᠢ ᠲᠠᠯ᠎ᠠ ᠨᠤᠲᠤᠭ ᠠᠴᠠ ᠢᠷᠡᠯ᠎ᠡ︱ᠥᠪᠥᠷ ᠮᠣᠩᠭᠤᠯ ᠤᠨ ᠦᠨᠦᠷ ᠠᠮᠲᠠ ᠶᠢᠨ ᠦᠵᠡᠭᠦᠯᠭᠡ᠂ ᠲᠣᠭᠤᠷᠢᠨ ᠦᠵᠡᠭᠦᠯᠭᠡ ᠵᠡᠷᠭᠡ ᠪᠠᠭᠲᠠᠨ᠎ᠠ᠃      2.ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠬᠤᠯᠠ ᠶᠡᠭᠡ ᠦᠷ᠎ᠡ ᠪᠦᠲᠦᠭᠡᠯ ᠤᠨ ᠦᠵᠡᠭᠦᠯᠭᠡ ︵ᠨᠡᠶᠢᠲᠡᠯᠡᠯ︶᠄ ᠲᠤᠬᠠᠢ ᠶᠢᠨ ᠲᠠᠯᠠᠪᠤᠷ ᠲᠤ ᠬᠡᠷᠡᠯ ᠵᠢᠷᠤᠭ ᠪᠠ ᠥᠰᠥᠭ ᠪᠢᠴᠢᠭ ᠵᠡᠷᠭᠡ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠲᠣᠪᠤᠶᠢᠯᠭᠠᠨ᠂ ᠥᠪᠥᠷ ᠮᠣᠩᠭᠤᠯ ᠤᠨ ︽ᠠᠮᠤ ᠶᠢᠨ ᠰᠠᠩ︾ ︽ᠮᠢᠬ᠎ᠠ ᠶᠢᠨ ᠬᠥᠮᠥᠷᠭᠡ︾ ︽ᠰᠦ ᠶᠢᠨ ᠰᠠᠪᠠ ︾ ︽ᠨᠤᠤᠯᠤᠭᠤᠷ ᠤᠨ ᠬᠤᠲᠠ︾ ᠶᠢᠨ ᠣᠨᠴᠠᠯᠢᠭ ᠵᠢᠴᠢ ᠦᠷ᠎ᠡ ᠶᠢᠨ ᠦᠢᠯᠡᠰ᠂ ᠰᠦ ᠶᠢᠨ ᠦᠢᠯᠡᠰ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠠᠲᠤᠨ ᠭᠤᠣᠯ ᠤᠨ ᠰᠠᠪᠠ ᠭᠠᠵᠠᠷ ᠵᠡᠷᠭᠡ ᠲᠠᠯ᠎ᠠ ᠶᠢᠨ ᠠᠵᠢᠯ ᠤᠨ ᠦᠷ᠎ᠡ ᠪᠦᠲᠦᠭᠡᠯ ᠢ ᠢᠯᠡᠷᠡᠭᠦᠯᠦᠨ᠎ᠡ᠃ ᠡᠭᠦᠨ ᠤ ᠬᠠᠮᠲᠤ᠂ ᠲᠤᠬᠠᠢ ᠶᠢᠨ ᠲᠠᠯᠠᠪᠤᠷ ᠲᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠤᠷᠠᠨ ᠳᠠᠷᠬᠠᠳ᠂ ᠥᠪ ᠬᠥᠷᠥᠩᠭᠡ ᠶᠢᠨ ᠪᠤᠰᠤ ᠦᠢᠯᠡᠳᠭᠦᠨ ᠵᠡᠷᠭᠡ ᠳᠤ ᠲᠣᠭᠯᠠᠯᠲᠠ ᠭᠠᠷᠭᠠᠨ᠎ᠠ᠃      3.ᠲᠤᠬᠠᠢ ᠶᠢᠨ ᠲᠠᠯᠠᠪᠤᠷ ᠲᠤ ᠬᠤᠳᠠᠯᠳᠤᠨ ᠠᠪᠬᠤ ᠶᠢ ᠵᠣᠯᠭᠠᠭᠤᠯᠬᠤ᠄ ᠦᠵᠡᠰᠬᠦᠯᠡᠩ ᠤᠨ ᠣᠷᠳᠣᠨ ᠳᠤ ᠲᠤᠬᠠᠢ ᠶᠢᠨ ᠲᠠᠯᠠᠪᠤᠷ ᠤᠨ ᠬᠤᠳᠠᠯᠳᠤᠨ ᠠᠪᠬᠤ ᠶᠢ ᠵᠣᠯᠭᠠᠭᠤᠯᠬᠤ ᠳᠤᠭᠤᠷᠢᠭ ᠪᠠᠶᠢᠷᠢᠯᠠᠭᠤᠯᠵᠤ᠂ ᠠᠵᠢᠯᠯᠠᠭ᠎ᠠ ᠳᠤ ᠣᠷᠣᠯᠴᠠᠬᠤ ᠪᠣᠶ ᠪᠦᠬᠦᠢ ᠬᠤᠳᠠᠯᠳᠤᠨ ᠠᠪᠬᠤ ᠨᠢᠭᠡᠴᠡ ᠳᠤ ᠬᠤᠳᠠᠯᠳᠤᠨ ᠠᠪᠬᠤ ᠲᠤᠰᠬᠠᠢ ᠲᠣᠭᠤᠷᠢᠭ ᠪᠠᠶᠢᠷᠢᠯᠠᠭᠤᠯᠤᠨ᠂ ᠡᠯ᠎ᠡ ᠠᠶᠢᠮᠠᠭ ᠬᠤᠲᠠ ᠲᠣᠰ ᠲᠣᠰ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠲᠠᠨᠢᠯᠴᠠᠭᠤᠯᠬᠤ ᠶᠢᠨ ᠬᠠᠮᠲᠤ ᠡᠯ᠎ᠡ ᠬᠤᠳᠠᠯᠳᠤᠨ ᠠᠪᠬᠤ ᠨᠢᠭᠡᠴᠡ ᠶᠢ ᠤᠷᠢᠵᠤ ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠰᠤᠩᠭᠤᠭᠤᠯᠵᠤ᠂ ᠨᠢᠭᠡ ᠨᠢᠭᠡ ᠪᠠᠷ ᠬᠤᠳᠠᠯᠳᠤᠨ ᠠᠪᠬᠤ ᠪᠠ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠲᠤᠬᠠᠢ ᠶᠢᠨ ᠲᠠᠯᠠᠪᠤᠷ ᠤᠨ ᠬᠤᠳᠠᠯᠳᠤᠨ ᠠᠪᠬᠤ ᠠᠷᠠᠯᠵᠢᠶ᠎ᠠ ᠶᠢ ᠠᠬᠢᠭᠤᠯᠤᠨ᠎ᠠ᠃      4.ᠡᠯ᠎ᠡ ᠠᠶᠢᠮᠠᠭ ᠬᠤᠲᠠ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ᠄ ᠲᠤᠬᠠᠢ ᠶᠢᠨ ᠲᠠᠯᠠᠪᠤᠷ ᠲᠤ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠳᠤ ᠳᠡᠯᠭᠡᠨ ᠪᠣᠷᠣᠯᠠᠭᠤᠯᠬᠤ ᠲᠣᠭᠤᠷᠢᠭ ᠪᠠᠶᠢᠷᠢᠯᠠᠭᠤᠯᠵᠤ᠂ ᠲᠤᠬᠠᠢ ᠶᠢᠨ ᠲᠠᠯᠠᠪᠤᠷ ᠲᠤ ᠪᠣᠷᠣᠯᠠᠭᠤᠯᠬᠤ᠂ ᠪᠦᠲᠦᠭᠡᠭᠳᠡᠬᠦᠨ ᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃      5.ᠠᠶᠢᠮᠠᠭ ᠬᠤᠲᠠ ᠶᠢᠨ ᠭᠤᠣᠯ ᠰᠡᠳᠦᠪᠲᠦ ᠡᠳᠦᠷᠯᠢᠭ ᠪᠠ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ︵ᠪᠦᠲᠦᠭᠡᠭᠳᠡᠬᠦᠨ ᠤ ᠴᠤᠭᠯᠠᠭᠠᠨ︶᠄ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠳᠠᠯᠢ ᠪᠤᠰᠤ ᠴᠠᠭ ᠬᠤᠭᠤᠴᠠᠭ᠎ᠠ ᠬᠤᠪᠢᠶᠠᠵᠤ᠂ ᠡᠯ᠎ᠡ ᠠᠶᠢᠮᠠᠭ ᠬᠤᠲᠠ ᠠᠴᠠ ᠭᠤᠣᠯ ᠰᠡᠳᠦᠪᠲᠦ ᠡᠳᠦᠷᠯᠢᠭ᠂ ᠭᠤᠣᠯ ᠰᠡᠳᠦᠪᠲᠦ ᠡᠳᠦᠷᠯᠢᠭ ᠤᠨ ᠬᠤᠭᠤᠴᠠᠭᠠᠨ ᠳᠤ ᠠᠳᠠᠯᠢ ᠪᠤᠰᠤ ᠲᠥᠷᠥᠯ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠵᠢᠴᠢ ᠠᠷᠭ᠎ᠠ ᠵᠠᠮ ᠤᠨ ᠬᠤᠳᠠᠯᠳᠤᠨ ᠠᠪᠬᠤ ᠬᠤᠳᠠᠯᠳᠤᠭᠠᠴᠢᠨ ᠬᠢᠭᠡᠳ ᠡᠯ᠎ᠡ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠵᠢᠴᠢ ᠪᠦᠲᠦᠭᠡᠭᠳᠡᠬᠦᠨ ᠢ ᠲᠠᠨᠢᠯᠴᠠᠭᠤᠯᠬᠤ ᠶᠢ ᠬᠠᠷᠢᠯᠴᠠᠨ ᠤᠶᠠᠯᠳᠤᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠢ ᠤᠷᠢᠵᠤ ᠲᠤᠬᠠᠢ ᠶᠢᠨ ᠲᠠᠯᠠᠪᠤᠷ ᠲᠤ ᠪᠦᠳᠦᠭᠡᠭᠳᠡᠬᠦᠨ ᠢ ᠰᠤᠩᠭᠤᠭᠤᠯᠤᠨ᠎ᠠ᠃      6.ᠡᠯᠧᠺᠲᠷᠣᠨ ᠬᠤᠳᠠᠯᠳᠤᠭᠠᠨ ᠤ ᠰᠣᠩᠭᠤᠯᠲᠠ ᠶᠢᠨ ᠲᠤᠰᠬᠠᠢ ᠲᠣᠭᠤᠷᠢᠭ᠄ ᠦᠵᠡᠰᠬᠦᠯᠡᠩ ᠤᠨ ᠣᠷᠳᠣᠨ ᠳᠤ ︽ᠡᠯᠧᠺᠲᠷᠣᠨ ᠬᠤᠳᠠᠯᠳᠤᠭᠠᠨ ᠤ ᠰᠤᠩᠭᠤᠭᠰᠠᠨ ᠪᠦᠳᠦᠭᠡᠭᠳᠡᠬᠦᠨ︾ ᠤ ᠲᠤᠰᠬᠠᠢ ᠲᠣᠭᠤᠷᠢᠭ ᠭᠠᠷᠭᠠᠵᠤ᠂ ᠬᠠᠩᠵᠧᠦ ᠶᠢᠨ ᠲᠤᠬᠠᠢ ᠶᠢᠨ ᠭᠠᠵᠠᠷ ᠤᠨ ᠲᠣᠭᠠᠴᠢᠯᠠᠭᠰᠠᠨ ᠠᠵᠤ ᠠᠬᠤᠢ᠂ ᠰᠢᠨ᠎ᠡ ᠬᠡᠯᠪᠡᠷᠢ ᠶᠢᠨ ᠬᠡᠷᠡᠭᠯᠡᠭᠡ᠂ ᠡᠯᠧᠺᠲᠷᠣᠨ ᠬᠤᠳᠠᠯᠳᠤᠭᠠᠨ ᠤ ᠲᠠᠪᠴᠠᠩ᠂ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠨᠠᠷᠠᠲᠤ ᠲᠡᠮᠳᠡᠭᠲᠦ ᠶᠢᠨ ᠡᠵᠡᠩᠨᠡᠨ ᠪᠣᠷᠣᠯᠠᠭᠤᠯᠬᠤ ᠪᠠᠶᠢᠭᠤᠯᠤᠮᠵᠢ ᠵᠡᠷᠭᠡ ᠨᠢᠭᠡᠴᠡ ᠪᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠳᠠᠭᠠᠭᠠᠴᠢᠯᠠᠨ ᠪᠣᠷᠣᠯᠠᠭᠤᠯᠬᠤ᠂ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠲᠤ ᠪᠣᠷᠣᠯᠠᠭᠤᠯᠬᠤ᠂ ᠰᠦᠯᠵᠢᠶᠡᠨ ᠳᠡᠭᠡᠷ᠎ᠡ ᠤᠬᠠᠭᠤᠯᠤᠨ ᠲᠠᠨᠢᠯᠴᠠᠭᠤᠯᠵᠤ ᠳᠡᠯᠭᠡᠨ ᠪᠣᠷᠣᠯᠠᠭᠤᠯᠬᠤ᠂ ᠨᠠᠷᠠᠲᠤ ᠲᠡᠮᠳᠡᠭᠲᠦ᠂ ᠡᠵᠡᠩᠨᠡᠯᠲᠡ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡ ᠶᠢ ᠦᠷᠨᠢᠭᠦᠯᠦᠨ᠎ᠡ᠃      7.︽ᠥᠪᠥᠷ ᠮᠣᠩᠭᠤᠯ ᠲᠠᠯ᠎ᠠ ᠨᠤᠲᠤᠭ ᠤᠨ ᠬᠠᠶᠢᠷ᠎ᠠ︾ ᠰᠢᠭᠤᠳ ᠨᠡᠪᠲᠡᠷᠡᠭᠦᠯᠭᠡ ᠪᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ᠄ ᠲᠤᠬᠠᠢ ᠶᠢᠨ ᠲᠠᠯᠠᠪᠤᠷ ᠲᠤ ᠬᠠᠮᠲᠤ ᠪᠠᠷ ᠡᠳ᠋ᠯᠡᠬᠦ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠵᠤ᠂ ᠡᠯ᠎ᠡ ᠠᠶᠢᠮᠠᠭ ᠬᠤᠲᠠ ᠥᠪᠡᠷ ᠤᠨ ᠠᠶᠢᠮᠠᠭ ᠬᠤᠲᠠ ᠶᠢᠨ ᠲᠠᠷᠢᠶᠠᠯᠠᠩ ᠤᠨ ᠲᠠᠨᠢᠯᠴᠠᠭᠤᠯᠤᠭᠴᠢ ᠶᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ︽ᠥᠪᠥᠷ ᠮᠣᠩᠭᠤᠯ ᠲᠠᠯ᠎ᠠ ᠨᠤᠲᠤᠭ ᠤᠨ ᠬᠠᠶᠢᠷ᠎ᠠ︾ ᠰᠢᠭᠤᠳ ᠨᠡᠪᠲᠡᠷᠡᠭᠦᠯᠭᠡ ᠪᠠᠷ ᠲᠠᠷᠢᠶᠠᠯᠠᠩ ᠢ ᠲᠤᠰᠠᠯᠠᠬᠤ ᠲᠤᠰᠬᠠᠢ ᠲᠠᠯᠠᠪᠤᠷ ᠤᠨ ᠠᠵᠢᠯᠯᠠᠭ᠎ᠠ ᠥᠷᠨᠢᠭᠦᠯᠵᠦ᠂ ᠳᠡᠯᠭᠡᠨ ᠦᠵᠡᠭᠦᠯᠬᠦ᠂ ᠰᠤᠷᠪᠤᠯᠵᠢᠯᠠᠨ ᠶᠠᠷᠢᠯᠴᠠᠬᠤ᠂ ᠪᠠᠷᠠᠭ᠎ᠠ ᠬᠤᠳᠠᠯᠳᠤᠬᠤ ᠵᠡᠷᠭᠡ ᠬᠡᠯᠪᠡᠷᠢ ᠪᠠᠷ ᠳᠠᠮᠵᠢᠭᠤᠯᠤᠨ ᠪᠦᠲᠦᠭᠡᠭᠳᠡᠬᠦᠨ ᠢ ᠲᠠᠨᠢᠯᠴᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠤᠬᠠᠭᠤᠯᠭ᠎ᠠ ᠬᠢᠵᠦ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ᠂ ᠤᠬᠠᠭᠤᠯᠤᠨ ᠲᠠᠨᠢᠯᠴᠠᠭᠤᠯᠬᠤ᠂ ᠬᠤᠳᠠᠯᠳᠤᠨ ᠠᠪᠴᠤ ᠠᠷᠠᠯᠵᠢᠶᠠᠯᠠᠬᠤ᠂ ᠬᠤᠳᠠᠯᠳᠤᠭᠠᠴᠢᠨ ᠤᠷᠢᠵᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠵᠡᠷᠭᠡ ᠠᠵᠢᠯᠯᠠᠭ᠎ᠠ ᠳᠤ ᠬᠦᠴᠦᠨ ᠨᠡᠮᠡᠷᠢᠯᠡᠨ᠎ᠡ᠃      ︵ᠬᠤᠶᠠᠷ︶ ᠦᠵᠡᠰᠬᠦᠯᠡᠩ ᠳᠤ ᠣᠷᠣᠯᠴᠠᠬᠤ ᠬᠤᠳᠠᠯᠳᠤᠭᠠᠴᠢᠨ ᠤ ᠦᠢᠯᠡᠴᠢᠯᠡᠭᠡ᠄ ᠦᠵᠡᠰᠬᠦᠯᠡᠩ ᠳᠤ ᠣᠷᠣᠯᠴᠠᠬᠤ ᠬᠤᠳᠠᠯᠳᠤᠭᠠᠴᠢᠨ ᠳᠤ ᠦᠵᠡᠭᠦᠯᠭᠡ ᠶᠢᠨ ᠪᠠᠶᠢᠷᠢ ᠪᠠᠶᠢᠭᠤᠯᠬᠤ᠂ ᠦᠵᠡᠭᠦᠯᠭᠡ ᠶᠢᠨ ᠪᠣᠳᠠᠰ ᠢ ᠲᠡᠭᠡᠭᠡᠪᠦᠷᠢᠯᠡᠬᠦ᠂ ᠲᠤᠬᠠᠢ ᠶᠢᠨ ᠲᠠᠯᠠᠪᠤᠷ ᠲᠤ ᠬᠦᠯᠢᠶᠡᠨ ᠠᠪᠬᠤ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡ ᠬᠢᠬᠦ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠤ ᠪᠦᠲᠦᠭᠡᠭᠳᠡᠬᠦᠨ ᠪᠠ ᠨᠡᠷᠡᠲᠦ ᠲᠡᠮᠳᠡᠭᠲᠦ ᠪᠠᠨ ᠭᠦᠢᠴᠡᠳ ᠳᠡᠯᠭᠡᠨ ᠦᠵᠡᠭᠦᠯᠵᠦ ᠳᠡᠶᠢᠯᠬᠦ ᠶᠢ ᠪᠠᠲᠤᠯᠠᠬᠤ ᠶᠢᠨ ᠬᠠᠮᠲᠤ ᠦᠵᠡᠭᠴᠢᠳ ᠲᠠᠢ ᠪᠦᠲᠦᠮᠵᠢᠲᠡᠢ ᠬᠦᠲᠡᠯᠦᠯᠴᠡᠨ᠎ᠡ᠃      ︵ᠭᠤᠷᠪᠠ︶ ᠬᠤᠳᠠᠯᠳᠤᠨ ᠠᠪᠬᠤ ᠬᠤᠳᠠᠯᠳᠤᠭᠠᠴᠢᠨ ᠤ ᠦᠢᠯᠡᠴᠢᠯᠡᠭᠡ᠄ ᠲᠤᠰᠬᠠᠢ ᠠᠵᠢᠯ ᠤᠨ ᠬᠤᠳᠠᠯᠳᠤᠨ ᠠᠪᠬᠤ ᠬᠤᠳᠠᠯᠳᠤᠭᠠᠴᠢᠨ ᠤᠷᠢᠵᠤ ᠰᠣᠩᠭᠤᠭᠰᠠᠨ ᠪᠦᠲᠦᠭᠡᠭᠳᠡᠬᠦᠨ ᠢ ᠬᠤᠳᠠᠯᠳᠤᠨ ᠠᠪᠤᠭᠤᠯᠵᠤ᠂ ᠬᠤᠳᠠᠯᠳᠤᠨ ᠠᠪᠬᠤ ᠬᠤᠳᠠᠯᠳᠤᠭᠠᠴᠢᠨ ᠳᠤ ᠬᠠᠮᠲᠤᠷᠠᠯᠴᠠᠭ᠎ᠠ ᠰᠣᠯᠢᠯᠴᠠᠭ᠎ᠠ᠂ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡ᠂ ᠬᠤᠳᠠᠯᠳᠤᠨ ᠠᠪᠬᠤ ᠰᠣᠩᠭᠤᠭᠰᠠᠨ ᠲᠠᠸᠠᠷ ᠵᠡᠷᠭᠡ ᠦᠢᠯᠡᠴᠢᠯᠡᠭᠡ ᠬᠠᠩᠭᠠᠵᠤ᠂ ᠬᠤᠳᠠᠯᠳᠤᠨ ᠠᠪᠬᠤ ᠬᠤᠳᠠᠯᠳᠤᠭᠠᠴᠢᠨ ᠪᠠ ᠳᠡᠯᠭᠡᠨ ᠦᠵᠡᠭᠦᠯᠬᠦ ᠬᠤᠳᠠᠯᠳᠤᠭᠠᠴᠢᠨ ᠤ ᠬᠤᠳᠠᠯᠳᠤᠨ ᠠᠪᠬᠤ ᠪᠣᠷᠣᠯᠠᠭᠤᠯᠬᠤ ᠬᠡᠯᠡᠯᠴᠡᠭᠡᠷ ᠲᠣᠭᠲᠠᠬᠤ ᠶᠢ ᠦᠨᠡᠨᠬᠦ ᠪᠠᠲᠤᠯᠠᠨ᠎ᠠ᠃      ︵ᠳᠥᠷᠪᠡ︶ ᠦᠵᠡᠭᠴᠢᠳ ᠤᠨ ᠦᠢᠯᠡᠴᠢᠯᠡᠭᠡ᠄ ᠦᠵᠡᠭᠴᠢᠳ ᠲᠤ ᠮᠡᠳᠡᠭᠡ ᠵᠠᠩᠭᠢ ᠶᠢᠨ ᠯᠠᠪᠯᠠᠯᠭ᠎ᠠ᠂ ᠬᠥᠲᠥᠯᠥᠨ ᠵᠢᠯᠤᠭᠤᠳᠬᠤ᠂ ᠬᠠᠷᠢᠯᠴᠠᠨ ᠦᠢᠯᠡᠳᠦᠯᠴᠡᠵᠦ ᠣᠶᠢᠯᠠᠭᠠᠬᠤ ᠵᠡᠷᠭᠡ ᠦᠢᠯᠡᠴᠢᠯᠡᠭᠡ ᠬᠠᠩᠭᠠᠵᠤ᠂ ᠦᠵᠡᠭᠴᠢᠳ ᠤᠨ ᠠᠵᠢᠯᠯᠠᠭ᠎ᠠ ᠶᠢᠨ ᠮᠡᠳᠡᠭᠡ ᠵᠠᠩᠭᠢ ᠶᠢ ᠭᠦᠢᠴᠡᠳ ᠣᠶᠢᠯᠠᠭᠠᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠷᠢᠳᠢ ᠰᠢᠳᠢ ᠶᠢ ᠭᠦᠢᠴᠡᠳ ᠮᠡᠳᠡᠷᠡᠭᠦᠯᠦᠨ᠎ᠡ᠃      ︵ᠲᠠᠪᠤ︶ ᠪᠤᠰᠤᠳ ᠦᠢᠯᠡᠴᠢᠯᠡᠭᠡ᠄ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢᠨ ᠪᠡᠶᠡᠯᠡᠭᠦᠯᠬᠦ ᠴᠢᠬᠤᠯᠠᠲᠠᠢ ᠠᠵᠢᠯ ᠢ ᠪᠠᠭᠲᠠᠭᠠᠨ᠎ᠠ᠃      ᠳᠥᠷᠪᠡ᠂ ᠬᠢᠷᠢ ᠬᠡᠮ ᠤᠨ ᠨᠥᠬᠦᠴᠡᠯ      ︵ᠨᠢᠭᠡ︶ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃      1.ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ︔      2.ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠲᠠᠢ︔      3.ᠭᠤᠷᠪᠠᠳᠠᠭᠴᠢ ᠡᠲᠡᠭᠡᠳ ᠲᠤ ᠦᠢᠯᠡᠴᠢᠯᠡᠬᠦ ᠲᠤᠰᠬᠠᠢ ᠮᠡᠷᠭᠡᠵᠢᠯ ᠤᠨ ᠴᠢᠳᠠᠪᠤᠷᠢ ᠲᠠᠢ︔      4.ᠬᠠᠤᠯᠢ ᠶᠣᠰᠣᠭᠠᠷ ᠭᠠᠶᠢᠯᠢ ᠲᠠᠲᠠᠪᠤᠷᠢ ᠪᠣᠯᠣᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ︔      5.ᠠᠵᠢᠯᠯᠠᠭ᠎ᠠ ᠳᠤ ᠣᠷᠣᠯᠴᠠᠬᠤ ᠶᠢᠨ ᠡᠮᠦᠨᠡᠬᠢ ᠭᠤᠷᠪᠠᠨ ᠵᠢᠯ ︵2021 ᠣᠨ ᠤ 6 ᠰᠠᠷ᠎ᠠ ᠶᠢᠨ 1 ᠤ ᠡᠳᠦᠷ ᠠᠴᠠ ᠭᠤᠶᠤᠴᠢᠯᠠᠭᠴᠢ ᠶᠢᠨ ᠪᠢᠴᠢᠭ ᠮᠠᠲ᠋ᠧᠷᠢᠶᠠᠯ ᠢ ᠳᠠᠮᠵᠢᠭᠤᠯᠤᠨ ᠲᠤᠰᠢᠶᠠᠵᠤ ᠳᠠᠭᠤᠰᠬᠠᠬᠤ ᠴᠠᠭ ᠪᠣᠯᠲᠠᠯ᠎ᠠ︶ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccn︶  ᠤᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠲᠤ ᠵᠢᠭᠰᠠᠭᠠᠭᠳᠠᠭᠰᠠᠨ ᠦᠭᠡᠢ︔ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠲᠤ ᠵᠢᠭᠰᠠᠭᠠᠭᠳᠠᠭᠰᠠᠨ ᠦᠭᠡᠢ︔ ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www.creditchina.gov.cn︶ ᠤᠨ ᠢᠲᠡᠭᠡᠯ ᠢᠶᠠᠨ ᠠᠯᠳᠠᠭᠰᠠᠨ ᠭᠦᠢᠴᠡᠳᠬᠡᠭᠳᠡᠭᠴᠢ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠤᠨ ᠵᠢᠭᠰᠠᠭᠠᠯᠲᠠ ᠳᠤ ᠣᠷᠣᠭᠰᠠᠨ ᠦᠭᠡᠢ᠃          ︵ᠬᠤᠶᠠᠷ︶ ᠨᠢᠭᠡᠴᠡ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠥᠨ ᠪᠤᠶᠤ ᠰᠢᠭᠤᠳ ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ ᠪᠦᠬᠦᠢ ᠠᠳᠠᠯᠢ ᠪᠤᠰᠤ ᠭᠤᠶᠤᠴᠢᠯᠠᠭᠴᠢ ᠲᠤᠰ ᠡᠯᠰᠡᠨ ᠴᠤᠭᠯᠠᠭᠤᠯᠬᠤ ᠠᠵᠢᠯᠯᠠᠭ᠎ᠠ ᠳᠤ ᠬᠠᠮᠲᠤ ᠳᠤᠨᠢ ᠣᠷᠣᠯᠴᠠᠵᠤ ᠪᠣᠯᠬᠤ ᠦᠭᠡᠢ᠃      ︵ᠭᠤᠷᠪᠠ︶ ᠲᠣᠰ ᠲᠥᠷᠥᠯ ᠵᠦᠢᠯ ᠨᠢ ᠭᠤᠶᠤᠴᠢᠯᠠᠭᠴᠢ ᠬᠤᠯᠪᠣᠭᠠᠲᠤ ᠴᠣᠭᠴᠠ ᠶᠢᠨ ᠬᠡᠯᠪᠡᠷᠢ ᠪᠠᠷ ᠲᠣᠰ ᠡᠯᠰᠡᠬᠦ ᠠᠵᠢᠯᠯᠠᠭ᠎ᠠ ᠳᠤ ᠣᠷᠣᠯᠴᠠᠬᠤ ᠶᠢ ᠭᠥᠯᠢᠶᠡᠨ ᠠᠪᠬᠤ ᠦᠭᠡᠢ᠃      ᠲᠠᠪᠤ᠂ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ      ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ︵ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠭᠰᠡᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠤᠨ ᠦᠨᠡᠮᠯᠡᠯ ᠪᠤᠶᠤ ᠭᠤᠷᠪᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠭᠰᠠᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠶᠢ ᠰᠢᠨ᠎ᠡ ᠲᠠᠮᠠᠭ᠎ᠠ ᠳᠠᠷᠤᠵᠤ᠂ ᠡᠬᠡ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠨ᠎ᠡ︶︔      ︵ᠬᠤᠶᠠᠷ︶ ᠣᠶᠢᠷ᠎ᠠ ᠶᠢᠨ ᠭᠤᠷᠪᠠᠨ ᠵᠢᠯ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ︵ᠠᠵᠢᠯᠯᠠᠭ᠎ᠠ ᠶᠢᠨ ᠴᠠᠭ᠂ ᠭᠠᠵᠠᠷ ᠣᠷᠣᠨ᠂ ᠨᠡᠷᠡᠶᠢᠳᠦᠯ᠂ ᠦᠷ᠎ᠡ ᠪᠦᠲᠦᠮᠵᠢ ᠵᠡᠷᠭᠡ ᠳᠤ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠨ᠎ᠠ︶︔      ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠷᠢ ᠰᠦᠯᠵᠢᠶ᠎ᠡ︶ ᠳᠤ ᠳᠠᠩᠰᠠᠯᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ︵ᠲᠠᠰᠤᠯᠪᠤᠷᠢ ᠵᠢᠷᠤᠭ︶︔      ︵ᠳᠥᠷᠪᠡ︶ ᠭᠠᠶᠢᠯᠢ ᠲᠠᠲᠠᠪᠤᠷᠢ ᠪᠠ ᠨᠡᠶᠢᠭᠡᠮ ᠤᠨ ᠳᠠᠭᠠᠳᠬᠠᠯ ᠤᠨ ᠲᠤᠰᠢᠶᠠᠬᠤ ᠭᠡᠷᠡᠴᠢ ᠶᠢ ᠬᠠᠤᠯᠢ ᠶᠣᠰᠣᠭᠠᠷ ᠲᠤᠰᠢᠶᠠᠭᠰᠠᠨ ᠭᠡᠷᠡᠴᠢ ᠮᠠᠲ᠋ᠧᠷᠢᠶᠠᠯ ᠪᠤᠶᠤ ᠠᠮᠠᠯᠠᠯᠲᠠ︔      ︵ᠲᠠᠪᠤ︶ ᠣᠶᠢᠷ᠎ᠠ ᠶᠢᠨ ᠭᠤᠷᠪᠠᠨ ᠵᠢᠯ ᠤᠨ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠵᠢᠴᠢ ᠮᠠᠭᠤ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠠᠮᠠᠯᠠᠯᠲᠠ ᠶᠢᠨ ᠪᠢᠴᠢᠭ ᠪᠠᠶᠢᠬᠤ ᠦᠭᠡᠢ ᠪᠥᠭᠡᠳ ︽ᠢᠲᠡᠭᠡᠮᠵᠢᠲᠦ ᠳᠤᠮᠳᠠᠳᠤ ᠤᠯᠤᠰ︾ ᠢ ᠪᠠᠶᠢᠴᠠᠭᠠᠨ ᠯᠠᠪᠯᠠᠬᠤ ᠵᠢᠷᠤᠭ ᠬᠠᠩᠭᠠᠬᠤ ᠬᠡᠷᠡᠭᠲᠡᠢ︔      ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠡᠷᠬᠡ ᠣᠯᠭᠤᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠶᠢ ᠬᠠᠩᠭᠠᠬᠤ ᠵᠢᠴᠢ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ︵ᠴᠥᠮ ᠰᠢᠨ᠎ᠡ ᠲᠠᠮᠠᠭ᠎ᠠ ᠳᠠᠷᠤᠵᠤ᠂ ᠡᠷᠬᠡ ᠣᠯᠭᠤᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠬᠦ ᠴᠢᠬᠤᠯᠠᠲᠠᠢ︶᠃      ᠵᠢᠷᠭᠤᠭ᠎ᠠ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠬᠢᠭᠡᠳ ᠭᠦᠢᠴᠡᠳᠬᠡᠯ ᠤᠨ ᠵᠣᠭᠤᠰ ᠤᠨ ᠲᠤᠭ᠎ᠠ      ︵ᠨᠢᠭᠡ︶ ᠵᠠᠭᠤᠨ ᠤ ᠬᠤᠪᠢ ᠶᠢᠨ ᠳᠦᠷᠢᠮ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠵᠢᠯᠯᠠᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠦᠨᠡᠯᠡᠨ ᠵᠢᠱᠢᠯᠲᠡ ᠬᠢᠯᠭᠡᠵᠦ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠨᠢ ᠳᠣᠣᠷᠠᠬᠢ ᠮᠡᠲᠦ᠃      1.ᠺᠣᠮᠫᠠᠨᠢ ᠶᠢᠨ ᠬᠡᠪᠴᠢᠶ᠎ᠡ᠂ ᠬᠢᠷᠢ ᠬᠡᠮ ᠪᠠ ᠲᠤᠬᠠᠶᠢᠯᠠᠭᠰᠠᠨ ᠠᠵᠢᠯ ᠤᠨ ᠬᠡᠪᠴᠢᠶ᠎ᠡ᠂ ᠬᠤᠪᠢ ᠬᠡᠮᠵᠢᠭᠳᠡᠯ 5      2.ᠦᠩᠭᠡᠷᠡᠭᠰᠡᠨ ᠵᠢᠯ ᠤᠨ ᠠᠳᠠᠯᠢᠪᠲᠤᠷ ᠲᠥᠷᠥᠯ ᠵᠦᠢᠯ ᠤᠨ ᠠᠮᠵᠢᠯᠲᠠ ᠣᠯᠣᠭᠰᠠᠨ ᠬᠡᠷᠡᠭ ᠤᠨ ᠵᠢᠱᠢᠶ᠎ᠡ ᠵᠢᠴᠢ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ᠂ ᠬᠤᠪᠢ ᠬᠡᠮᠵᠢᠭᠳᠡᠯ 10      3.ᠦᠢᠯᠡᠴᠢᠯᠡᠭᠡᠨ ᠤ ᠲᠥᠰᠥᠯ ᠤᠨ ᠶᠠᠰᠤ ᠴᠢᠨᠠᠷ ᠬᠢᠭᠡᠳ ᠰᠢᠨ᠎ᠡ ᠶᠢ ᠡᠭᠦᠳᠬᠦ ᠴᠢᠨᠠᠷ᠂ ᠬᠤᠪᠢ ᠬᠡᠮᠵᠢᠭᠳᠡᠯ 10      4.ᠪᠦᠯᠬᠦᠮ ᠨᠡᠶᠢᠲᠡ ᠶᠢᠨ ᠴᠢᠳᠠᠪᠤᠷᠢ ᠬᠢᠭᠡᠳ ᠭᠦᠢᠴᠡᠳᠬᠡᠬᠦ ᠦᠷ᠎ᠡ ᠪᠦᠲᠦᠮᠵᠢ᠂ ᠬᠤᠪᠢ ᠬᠡᠮᠵᠢᠭᠳᠡᠯ 5      5.ᠦᠢᠯᠡᠴᠢᠯᠡᠭᠡ ᠶᠢᠨ ᠶᠠᠰᠤ ᠴᠢᠨᠠᠷ ᠪᠣᠯᠣᠨ ᠥᠪᠡᠷ ᠤᠨ ᠥᠷᠲᠡᠭ ᠤᠨ ᠴᠢᠨᠠᠷᠲᠠᠢ ᠦᠨ᠎ᠡ ᠶᠢᠨ ᠬᠠᠷᠢᠴᠠᠯ᠂ ᠬᠤᠪᠢ ᠬᠡᠮᠵᠢᠭᠳᠡᠯ 10      6.ᠠᠶᠤᠯ ᠲᠦᠭᠰᠢᠭᠦᠷᠢ ᠶᠢᠨ ᠬᠠᠮᠢᠶᠠᠷᠤᠯᠲᠠ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ᠂ ᠬᠤᠪᠢ ᠬᠡᠮᠵᠢᠭᠳᠡᠯ 5      7.ᠬᠠᠮᠲᠤᠷᠠᠨ ᠠᠵᠢᠯᠯᠠᠬᠤ ᠬᠦᠰᠡᠯ ᠬᠢᠭᠡᠳ ᠨᠡᠪᠲᠡᠷᠡᠯᠴᠡᠬᠦ ᠴᠢᠳᠠᠪᠤᠷᠢ᠂ ᠬᠤᠪᠢ ᠬᠡᠮᠵᠢᠭᠳᠡᠯ᠂ ᠬᠤᠪᠢ ᠬᠡᠮᠵᠢᠭᠳᠡᠯ 5      8.ᠲᠤᠬᠠᠢ ᠶᠢᠨ ᠲᠠᠯᠠᠪᠤᠷ ᠲᠤ ᠲᠣᠭᠳᠠᠭᠰᠠᠨ ᠠᠷᠠᠯᠵᠢᠶᠠᠨ ᠤ ᠲᠤᠭ᠎ᠠ ︵ᠬᠤᠳᠠᠯᠳᠤᠨ ᠠᠪᠬᠤ ᠬᠡᠯᠡᠯᠴᠡᠭᠡᠷ︶᠂ ᠬᠤᠪᠢ ᠬᠡᠮᠵᠢᠭᠳᠡᠯ 30      9.ᠲᠤᠰᠬᠠᠢ ᠮᠡᠷᠭᠡᠵᠢᠯ ᠤᠨ ᠬᠤᠳᠠᠯᠳᠤᠨ ᠠᠪᠬᠤ ᠬᠤᠳᠠᠯᠳᠤᠭᠠᠴᠢᠨ᠂ ᠦᠵᠡᠭᠴᠢᠳ ᠤᠨ ᠤᠷᠢᠯᠭ᠎ᠠ ᠶᠢᠨ ᠪᠠᠶᠢᠳᠠᠯ᠂ ᠬᠤᠪᠢ ᠬᠡᠮᠵᠢᠭᠳᠡᠯ 10      10.ᠤᠬᠠᠭᠤᠯᠤᠨ ᠳᠡᠯᠭᠡᠷᠡᠭᠦᠯᠦᠯᠲᠡ᠂ ᠬᠤᠪᠢ ᠬᠡᠮᠵᠢᠭᠳᠡᠯ 10      ︵ᠬᠤᠶᠠᠷ︶ ᠭᠦᠢᠴᠡᠳᠭᠡᠯ ᠤᠨ ᠵᠣᠭᠤᠰ ᠤᠨ ᠲᠤᠭ᠎ᠠ      ᠶᠡᠷᠦᠩᠬᠡᠢ ᠣᠯᠣᠭᠰᠠᠨ ᠬᠤᠪᠢ ᠶᠢ ᠦᠨᠳᠦᠰᠦᠯᠡᠨ ᠭᠦᠢᠴᠡᠳᠭᠡᠯ ᠤᠨ ᠵᠣᠭᠤᠰ ᠤᠨ ᠲᠤᠭ᠎ᠠ ᠶᠢ ᠲᠣᠭᠲᠠᠭᠠᠨ᠎ᠠ᠃      90 ≥    90 ᠲᠦᠮᠡᠨ ᠲᠦᠭᠦᠷᠢᠭ      ≥ 80᠂<90   80 ᠲᠦᠮᠡᠨ ᠲᠥᠭᠦᠷᠢᠭ      ≥ 70᠂<80   70 ᠲᠦᠮᠡᠨ ᠲᠥᠭᠦᠷᠢᠭ      ≥ 70᠂<60   60 ᠲᠦᠮᠡᠨ ᠲᠥᠭᠦᠷᠢᠭ      ≤60    0 ᠲᠦᠮᠡᠨ ᠲᠥᠭᠦᠷᠢᠭ      ᠳᠤᠯᠤᠭ᠎ᠠ᠂ ᠡᠯᠰᠡᠬᠦ ᠨᠢᠭᠡᠴᠡ ᠶᠢᠨ ᠬᠠᠩᠭᠠᠭᠰᠠᠨ ᠳᠡᠮᠵᠢᠯᠭᠡ      ︵ᠨᠢᠭᠡ︶ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢ ᠬᠠᠮᠵᠢᠨ ᠲᠤᠰᠬᠠᠢ ᠬᠤᠳᠠᠯᠳᠤᠨ ᠠᠪᠬᠤ ᠬᠤᠳᠠᠯᠳᠤᠭᠠᠴᠢᠨ᠂ ᠦᠵᠡᠭᠴᠢᠳ ᠵᠡᠷᠭᠡ ᠶᠢ ᠤᠷᠢᠨ᠎ᠠ︔      ︵ᠬᠤᠶᠠᠷ︶ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠦᠵᠡᠰᠬᠦᠯᠡᠩ ᠳᠤ ᠣᠷᠣᠯᠴᠠᠭᠤᠯᠤᠨ᠎ᠠ︔      ︵ᠭᠤᠷᠪᠠ︶ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠭᠠᠷᠳᠠᠮ ᠢ ᠬᠠᠪᠰᠤᠷᠤᠨ ᠭᠦᠢᠴᠡᠳᠬᠡᠨ᠎ᠡ︔      ︵ᠳᠥᠷᠪᠡ︶ ᠪᠡᠯᠡ ᠮᠥᠩᠭᠦᠨ ᠤ ᠳᠡᠮᠵᠢᠯᠭᠡ᠃      ᠨᠠᠢᠮᠠ᠂ ᠡᠯᠰᠡᠬᠦ ᠬᠡᠯᠪᠡᠷᠢ      ︵ᠨᠢᠭᠡ︶ ᠡᠯᠰᠡᠬᠦ ᠳᠤ ᠨᠡᠷ᠎ᠡ ᠮᠡᠳᠡᠭᠦᠯᠬᠦ᠃ ᠰᠠᠨᠠᠮᠵᠢᠲᠠᠢ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ 2024 ᠣᠨ ᠤ 7 ᠰᠠᠷ᠎ᠠ ᠶᠢᠨ 5 ᠤ ᠡᠳᠦᠷ ᠠᠴᠠ ᠡᠮᠦᠨ᠎ᠡ᠂ ᠳᠡᠭᠡᠷ᠎ᠡ ᠳᠤᠷᠠᠳᠤᠭᠰᠠᠨ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ ᠤᠨ PDF ᠬᠡᠪᠯᠡᠯ ᠢ nmnmyt@126.com ᠢᠮᠧᠯ ᠳᠤ ᠬᠦᠷᠭᠡᠨ᠎ᠡ᠃      ︵ᠬᠤᠶᠠᠷ︶ ᠬᠢᠷᠢ ᠬᠡᠮ ᠢ ᠬᠢᠨᠠᠨ ᠪᠠᠶᠢᠴᠠᠭᠠᠬᠤ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢᠨ ᠬᠢᠷᠢ ᠬᠡᠮ ᠢ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠨᠡᠷ᠎ᠡ ᠮᠡᠳᠡᠭᠦᠯᠦᠭᠰᠡᠨ ᠨᠢᠭᠡᠴᠡ ᠶᠢᠨ ᠲᠤᠰᠢᠶᠠᠭᠰᠠᠨ ᠮᠠᠲ᠋ᠧᠷᠢᠶᠠᠯ ᠳᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠠᠩᠬᠠᠨ ᠤ ᠰᠢᠭᠰᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ 2024 ᠣᠨ ᠤ 7 ᠰᠠᠷ᠎ᠠ ᠶᠢᠨ 10 ᠤ ᠡᠳᠦᠷ ᠠᠴᠠ ᠡᠮᠦᠨ᠎ᠡ ᠤᠲᠠᠰᠤ ᠪᠠᠷ ᠬᠢᠷᠢ ᠲᠡᠩᠴᠡᠭᠰᠡᠨ ᠨᠢᠭᠡᠴᠡ ᠳᠤ ᠱᠠᠭᠠᠷᠳᠠᠯᠭ᠎ᠠ ᠶᠣᠰᠣᠭᠠᠷ ᠭᠤᠶᠤᠴᠢᠯᠠᠬᠤ ᠮᠠᠲ᠋ᠧᠷᠢᠶᠠᠯ ᠢ ᠪᠡᠯᠡᠳᠬᠡᠵᠦ ᠥᠭᠭᠦᠨ᠎ᠡ᠃      ︵ᠭᠤᠷᠪᠠ︶ ᠬᠠᠷᠢᠴᠠᠭᠤᠯᠤᠨ ᠰᠣᠩᠭᠤᠬᠤ‌‍ᠬᠡᠯᠪᠡᠷᠢ᠃ ᠶᠡᠷᠦᠩᠬᠡᠶᠢᠯᠡᠨ ᠦᠨᠡᠯᠡᠨ ᠵᠢᠱᠢᠬᠦ ᠠᠷᠭ᠋᠎ᠠ ᠶᠢ ᠬᠡᠷᠡᠭᠯᠡᠨ᠎ᠡ᠃ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠨᠢᠭᠡᠴᠡ ᠨᠦᠭᠦᠳ ᠱᠠᠭᠠᠷᠳᠠᠯᠭ᠎ᠠ ᠶᠣᠰᠣᠭᠠᠷ ᠠᠵᠢᠯᠯᠠᠭ᠎ᠠ ᠶᠢᠨ ᠦᠢᠯᠡᠴᠢᠯᠡᠭᠡᠨ ᠤ ᠲᠥᠰᠥᠯ᠂ ᠦᠢᠯᠡᠴᠢᠯᠡᠭᠡᠨ ᠤ ᠵᠠᠷᠤᠳᠠᠯ ᠢ ᠮᠡᠳᠡᠭᠦᠯᠬᠦ ᠵᠢᠴᠢ ᠲᠥᠰᠥᠪ ᠤᠨ ᠲᠣᠳᠣᠷᠬᠠᠶᠢᠯᠠᠯᠲᠠ ᠵᠡᠷᠭᠡ ᠴᠠᠭᠠᠰᠤᠨ ᠮᠠᠲ᠋ᠧᠷᠢᠶᠠᠯ ᠢ ᠬᠠᠩᠭᠠᠵᠤ᠂ 2024 ᠣᠨ ᠤ 7 ᠰᠠᠷ᠎ᠠ ᠶᠢᠨ 17 ᠤ ᠡᠳᠦᠷ ᠠᠴᠠ ᠡᠮᠦᠨ᠎ᠡ ᠲᠣᠭᠲᠠᠭᠰᠠᠨ ᠭᠠᠵᠠᠷ ᠲᠤ ᠲᠤᠰᠢᠶᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠢᠨᠠᠨ ᠲᠣᠭᠲᠠᠭᠠᠬᠤ ᠳᠤᠭᠤᠶᠢᠯᠠᠩ ᠠᠴᠠ ᠭᠤᠶᠤᠴᠢᠯᠠᠭᠰᠠᠨ ᠪᠢᠴᠢᠭ ᠮᠠᠲ᠋ᠧᠷᠢᠶᠠᠯ ᠳᠤ ᠡᠴᠦᠰ ᠤᠨ ᠬᠢᠨᠠᠯᠲᠠ ᠬᠢᠵᠦ᠂ ᠡᠴᠦᠰ ᠤᠨ ᠬᠢᠨᠠᠯᠲᠠ ᠳᠤ ᠬᠢᠷᠢ ᠲᠡᠩᠴᠡᠭᠰᠡᠳ ᠢ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠪᠠᠷ ᠲᠣᠭᠲᠠᠭᠠᠨ᠎ᠠ᠃      ︵ᠳᠥᠷᠪᠡ︶ ᠬᠢᠷᠢ ᠭᠡᠮ ᠢ ᠨᠢ ᠬᠠᠰᠤᠬᠤ᠃ ᠦᠢᠯᠡᠴᠢᠯᠡᠭᠡᠨ ᠤ ᠶᠠᠪᠤᠴᠠ ᠳᠤ ᠳᠣᠣᠷᠠᠬᠢ ᠪᠠᠶᠢᠳᠠᠯ ᠣᠷᠣᠰᠢᠵᠤ ᠪᠠᠶᠢᠪᠠᠯ᠂ ᠬᠢᠷᠢ ᠬᠡᠮ ᠢ ᠬᠦᠴᠦᠨ ᠦᠭᠡᠢ ᠪᠣᠯᠭᠠᠨ᠎ᠠ᠄ ᠨᠢᠭᠡ ᠳᠤ ᠰᠤᠭᠤᠴᠢᠨ ᠪᠠᠶᠢᠴᠠᠭᠠᠭᠰᠠᠨ ᠤ ᠳᠠᠷᠠᠭ᠎ᠠ ᠤᠴᠢᠷ ᠰᠢᠯᠲᠠᠭᠠᠨ ᠦᠭᠡᠢ ᠪᠠᠷ ᠲᠡᠪᠴᠢᠭᠰᠡᠨ︔ ᠬᠤᠶᠠᠷ ᠲᠤ ᠦᠢᠯᠡᠴᠢᠯᠡᠭᠡᠨ ᠤ ᠶᠠᠪᠤᠴᠠ ᠳᠤ᠂ ᠲᠥᠷᠥᠯ ᠵᠦᠢᠯ ᠱᠠᠭᠠᠷᠳᠠᠯᠭ᠎ᠠ ᠳᠤ ᠬᠦᠷᠦᠭᠰᠡᠨ ᠦᠭᠡᠢ︔ ᠭᠤᠷᠪᠠ ᠳᠤ ᠲᠥᠷᠥᠯ ᠵᠦᠢᠯ ᠤᠨ ᠠᠬᠢᠴᠠ ᠶᠢ ᠤᠴᠢᠷ ᠰᠢᠯᠲᠠᠭᠠᠨ ᠦᠭᠡᠢ ᠪᠠᠷ ᠤᠳᠠᠭᠠᠰᠢᠷᠠᠭᠤᠯᠤᠭᠰᠠᠨ ᠪᠠᠶᠢᠳᠠᠯ ᠢ ᠪᠠᠭᠲᠠᠭᠠᠨ᠎ᠠ᠃      ᠶᠢᠰᠦ᠂ ᠬᠢᠷᠢ ᠬᠡᠮ ᠤᠨ ᠬᠤᠭᠤᠴᠠᠭ᠎ᠠ      ᠨᠢᠭᠡ ᠵᠢᠯ ᠤᠨ ᠳᠣᠲᠣᠷ᠎ᠠ ᠬᠦᠴᠦᠨ ᠲᠠᠢ᠃      ᠠᠷᠪᠠ᠂ ᠪᠤᠰᠤᠳ ᠵᠦᠢᠯ      ︵ᠨᠢᠭᠡ︶ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠨᠢ ᠡᠷᠬᠡᠪᠰᠢ ᠦᠨᠡᠨ ᠢ ᠪᠠᠷᠢᠮᠲᠠᠯᠠᠵᠤ᠂ ᠣᠨᠣᠪᠴᠢᠲᠠᠶ ᠪᠥᠭᠡᠳ ᠦᠨᠡᠨ ᠪᠣᠳᠠᠲᠠᠢ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠬᠡᠷᠡᠭᠲᠡᠢ᠂ ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠵᠢᠴᠢ ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠭᠰᠠᠨ ᠪᠠᠶᠢᠪᠠᠯ᠂ ᠪᠠᠶᠢᠴᠠᠭᠠᠵᠤ ᠲᠣᠳᠣᠯᠠᠭᠰᠠᠨ ᠤ ᠳᠡᠷᠠᠭ᠎ᠠ᠂ ᠰᠣᠩᠭᠤᠭᠤᠯᠢ ᠳᠤ ᠣᠷᠣᠯᠴᠠᠬᠤ ᠬᠢᠷᠢ ᠭᠡᠮ ᠢ ᠨᠢ ᠬᠦᠴᠦᠨ ᠦᠭᠡᠢ ᠪᠣᠯᠭᠠᠨ᠎ᠠ᠃      ︵ᠬᠤᠶᠠᠷ︶ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠭᠤᠤᠯᠴᠢ ᠪᠠᠷ ᠥᠷᠢᠰᠦᠯᠳᠦᠬᠦ ᠵᠠᠷᠴᠢᠮ ᠢ ᠵᠢᠷᠤᠮᠯᠠᠬᠤ ᠬᠡᠷᠡᠭᠲᠡᠢ᠂ ᠮᠠᠭᠤ ᠰᠠᠨᠠᠭ᠎ᠠ ᠲᠠᠢ ᠪᠠᠷ ᠰᠥᠯᠪᠡᠭᠡᠯᠳᠦᠵᠦ ᠪᠣᠯᠬᠤ ᠦᠭᠡᠢ᠂ ᠪᠤᠰᠤᠳ ᠭᠤᠶᠤᠴᠢᠯᠠᠭᠴᠢ ᠶᠢᠨ ᠥᠷᠢᠰᠦᠯᠳᠦᠬᠦ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠂ ᠰᠣᠩᠭᠤᠭᠰᠠᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠰᠠᠨ ᠨᠢᠭᠡᠴᠡ ᠪᠤᠶᠤ ᠪᠤᠰᠤᠳ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃      ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ ᠶᠠᠪᠤᠴᠠ ᠳᠤ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠺᠣᠮᠫᠠᠨᠢ ᠳᠤ ᠳᠣᠣᠷᠠᠬᠢ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠡᠳᠡᠨ ᠤ ᠣᠷᠣᠯᠴᠠᠬᠤ ᠶᠢ ᠴᠠᠭᠠᠵᠠᠯᠠᠬᠤ ᠡᠷᠬᠡ ᠲᠠᠢ᠄ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠵᠢᠭᠰᠠᠭᠠᠭᠳᠠᠭᠰᠠᠨ︔ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠳᠠᠭᠠᠭᠠᠴᠢᠯᠠᠯᠲᠠ ᠣᠯᠣᠭᠰᠠᠨ︔ ᠲᠥᠪ ᠪᠤᠰᠤ ᠠᠷᠭ᠎ᠠ ᠪᠠᠷᠢᠯ ᠢᠶᠠᠷ ᠪᠤᠰᠤᠳ ᠭᠤᠶᠤᠴᠢᠯᠠᠭᠴᠢ ᠶᠢ ᠭᠦᠳᠬᠡᠭᠰᠡᠨ᠂ ᠰᠢᠬᠠᠭᠰᠠᠨ︔ ᠪᠣᠳᠠᠲᠤ ᠶᠠᠪᠤᠳᠠᠯ ᠤᠨ ᠦᠨᠳᠦᠰᠦᠯᠡᠯ ᠦᠭᠡᠢ ᠪᠠᠶᠢᠳᠠᠯ ᠳᠣᠣᠷ᠎ᠠ ᠵᠠᠭᠠᠯᠳᠤᠯᠭ᠎ᠠ ᠶᠢ ᠰᠡᠵᠢᠭᠯᠡᠭᠰᠡᠨ︔ ᠲᠤᠰ ᠤᠳᠠᠭᠠᠨ ᠤ ᠠᠵᠢᠯᠯᠠᠭ᠎ᠠ ᠶᠢ ᠵᠣᠷᠢᠭᠤᠳᠠ ᠰᠠᠮᠠᠭᠤᠷᠠᠭᠤᠯᠤᠭᠰᠠᠨ ᠪᠠᠶᠢᠳᠠᠯ ᠢ ᠪᠠᠭᠲᠠᠭᠠᠨ᠎ᠠ᠃      ᠬᠠᠷᠢᠯᠴᠠᠬᠤ ᠬᠥᠮᠥᠨ᠄ ᠯᠢ ᠶᠠᠩ   ᠯᠢ ᠬᠤᠩ ᠲᠤᠤ      ᠬᠠᠷᠢᠯᠴᠠᠬᠤ ᠤᠲᠠᠰᠤ᠄ 0471 - 6652048          ᠳᠠᠭᠠᠯᠳᠤᠭᠤᠯᠤᠯ᠄ ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ ᠬᠠᠩᠵᠧᠦ ᠳᠠᠬᠢ ᠪᠣᠯᠵᠤᠭ᠎ᠠ︾ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠦᠵᠡᠰᠬᠦᠯᠡᠩ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠴᠤᠭᠯᠠᠷᠠᠯ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                             2024 ᠣᠨ ᠤ 6 ᠰᠠᠷ᠎ᠠ ᠶᠢᠨ 30 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号