2024 ᠣᠨ ᠤ ᠠᠮᠤ ᠲᠣᠰᠣᠨ ᠤ ᠦᠢᠯᠡᠳᠪᠦᠷᠢᠯᠡᠯ ᠤᠨ ᠪᠠᠲᠤᠯᠠᠭ᠎ᠠ ᠵᠡᠷᠭᠡ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/7/1
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠨᠢᠭᠡᠴᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠴᠤᠭᠯᠠᠭᠤᠯᠬᠤ ᠪᠠᠷᠢᠴᠠᠭᠠᠨ ᠤ ᠬᠢᠵᠠᠭᠠᠷᠲᠤ ᠺᠣᠮᠫᠠᠨᠢ ᠳᠤ᠄      ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠲᠠ ᠶᠣᠰᠣᠭᠠᠷ᠂ 2024 ᠣᠨ ᠳᠤ ᠲᠥᠪ ᠤᠨ ᠡᠳ᠋ ᠤᠨ ᠵᠠᠰᠠᠭ ᠠᠴᠠ ᠠᠮᠤ ᠳᠤᠰᠤᠨ ᠤ ᠦᠢᠯᠡᠳᠪᠦᠷᠢᠯᠡᠯ ᠤᠨ ᠪᠠᠲᠤᠯᠠᠪᠤᠷᠢ ᠶᠢᠨ ᠪᠡᠯᠡ ᠮᠥᠩᠭᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠠᠰᠢᠭᠯᠠᠯᠲᠠ ᠶᠢᠨ ᠪᠡᠯᠡ ᠮᠥᠩᠭᠦ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ᠂ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ᠂ ᠲᠠᠷᠢᠶᠠᠯᠠᠩ ᠤᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠡᠯᠡ ᠮᠥᠩᠭᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠶᠢ ᠳᠡᠮᠵᠢᠪᠡ᠃ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢ ᠵᠢᠯᠤᠭᠤᠳᠴᠤ᠂ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠶᠡᠷᠦᠩᠬᠡᠢ ᠰᠡᠳᠬᠢᠴᠡ ᠶᠢ ᠳᠤᠳᠤᠷᠬᠠᠶᠢᠯᠠᠪᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠨ ᠲᠣᠭᠲᠠᠭᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠳᠤ ᠣᠷᠣᠬᠤ ᠪᠠᠷ ᠬᠠᠷᠠᠯᠲᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠳᠤ ᠨᠡᠩ ᠶᠡᠭᠡ ᠬᠦᠴᠦ ᠣᠷᠣᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠡᠷᠡᠭᠵᠢᠭᠦᠯᠬᠦ ᠠᠷᠭ᠎ᠠ ᠮᠠᠶ᠋ᠢᠭ ᠢ ᠥᠭᠡᠷᠡᠴᠢᠯᠡᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠭᠦᠢᠴᠡᠳ ᠪᠠᠲᠤᠯᠠᠵᠤ᠂ ᠴᠢᠬᠤᠯᠠ ᠶᠡᠭᠡ ᠲᠤᠷᠰᠢᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠬᠦᠴᠦᠲᠡᠢ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃      ᠬᠤᠶᠠᠷ᠂ ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠪᠠ      ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ  ᠤᠨ ᠲᠣᠪᠴᠢᠶ᠎ᠠ ᠨᠤᠭᠤᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠭᠤᠯᠭᠠᠭᠰᠠᠨ ᠡᠯ᠎ᠡ ᠲᠥᠷᠥᠯ ᠵᠦᠢᠯ ᠤᠨ ᠵᠠᠷᠤᠯᠭ᠎ᠠ ᠶᠢᠨ ᠴᠢᠭᠯᠡᠯ ᠢ ᠴᠢᠩᠭ᠎ᠠ ᠵᠢᠷᠤᠮᠯᠠᠨ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠳᠠ ᠶᠢᠨ ᠲᠥᠰᠥᠪ ᠤᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠬᠤᠪᠢᠶᠠᠷᠢᠯᠠᠨ ᠬᠡᠷᠡᠭᠵᠢᠭᠦᠯᠵᠦ᠂ ᠬᠠᠮᠢᠶ᠎ᠠ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ  ᠲᠤ ᠲᠣᠭᠲᠠᠭᠠᠭᠰᠠᠨ ᠵᠠᠷᠤᠯᠭ᠎ᠠ ᠶᠢᠨ ᠴᠢᠭᠯᠡᠯ ᠢ ᠴᠢᠩᠭ᠎ᠠ ᠵᠢᠷᠤᠮᠯᠠᠨ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠣᠷᠣᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠭᠤᠯᠤᠯᠲᠠ ᠪᠣᠯᠣᠨ ᠬᠢᠨᠠᠯᠲᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠣᠰ ᠮᠡᠳᠡᠭᠳᠡᠯ ᠤᠨ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠶᠣᠰᠣᠭᠠᠷ ᠠᠶᠢᠮᠠᠭ ᠬᠤᠲᠠ ᠶᠢᠨ ᠱᠠᠲᠤᠨ ᠤ ᠬᠡᠷᠡᠭᠵᠢᠭᠦᠯᠬᠦ ᠲᠥᠰᠥᠯ ᠢ ᠱᠠᠯᠠᠪᠳᠠᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠨᠥᠬᠦᠴᠡᠯ᠂ ᠳᠡᠮᠵᠢᠬᠦ ᠡᠲᠡᠭᠡᠳ᠂ ᠳᠡᠮᠵᠢᠬᠦ ᠪᠠᠷᠢᠮᠵᠢᠶ᠎ᠠ᠂ ᠬᠡᠷᠡᠭᠵᠢᠭᠦᠯᠬᠦ ᠱᠠᠭᠠᠷᠳᠠᠯᠭ᠎ᠠ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠳᠠᠯᠢ ᠪᠤᠰᠤ ᠭᠤᠣᠯ ᠴᠣᠭᠴᠠ ᠳᠤ ᠵᠣᠬᠢᠴᠠᠬᠤ᠂ ᠨᠠᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠳᠡᠮᠵᠢᠬᠦ ᠠᠷᠭ᠎ᠠ ᠮᠠᠶ᠋ᠢᠭ ᠢ ᠰᠣᠩᠭᠤᠬᠤ ᠶᠢᠨ ᠬᠠᠮᠲᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢ ᠴᠢᠬᠤᠯᠠᠴᠢᠯᠠᠵᠤ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠰᠠᠶᠢᠲᠤᠷ ᠬᠢᠵᠦ᠂ ᠳᠡᠮᠵᠢᠬᠦ ᠠᠭᠤᠯᠭ᠎ᠠ ᠪᠠ ᠡᠲᠡᠭᠡᠳ ᠵᠡᠷᠭᠡ ᠲᠠᠯ᠎ᠠ ᠪᠠᠷ ᠰᠣᠯᠪᠢᠴᠠᠨ ᠳᠠᠪᠬᠤᠷᠳᠠᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠡᠯ᠎ᠡ ᠪᠣᠳᠠᠲᠠᠢ ᠡᠭᠦᠷᠭᠡ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠡᠷᠡᠭᠵᠢᠭᠦᠯᠬᠦ ᠲᠥᠰᠥᠯ ᠢ 2024 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠵᠢᠩᠬᠢᠨᠢ ᠪᠠᠷ ᠳᠠᠷᠤᠮᠠᠯᠯᠠᠨ ᠶᠠᠪᠤᠭᠤᠯᠬᠤ ᠶᠢᠨ ᠬᠠᠮᠲᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠠᠪᠴᠠᠩ ᠳᠤ ᠮᠡᠳᠡᠭᠦᠯᠬᠦ ᠬᠡᠷᠡᠭᠲᠡᠢ᠃      ᠭᠤᠷᠪᠠ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠷᠠᠭᠤᠯᠪᠠ      ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠲᠠᠷᠢᠶᠠᠯᠠᠩ ᠤᠨ ᠬᠠᠮᠢᠶ᠎ᠠ ᠪᠦᠬᠦᠢ ᠰᠢᠯᠵᠢᠭᠦᠯᠦᠨ ᠥᠭᠬᠦ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠴᠠᠭᠲᠤᠬᠠᠢ ᠳᠤᠨᠢ ᠪᠡᠯᠡ ᠮᠥᠩᠭᠦ ᠪᠠᠭᠤᠯᠭᠠᠬᠤ ᠶᠢᠨ ᠬᠠᠮᠲᠤ ᠪᠠᠭᠤᠯᠭᠠᠭᠰᠠᠨ ᠠᠵᠢᠯ ᠤᠨ ᠡᠭᠦᠷᠭᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠲᠠᠢ ᠬᠠᠷᠢᠴᠠᠭᠤᠯᠤᠨ ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠠᠳᠠᠯᠵᠤ᠂ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠦᠭᠰᠡᠨ᠂ ᠡᠭᠦᠷᠭᠡ ᠶᠢᠨ ᠨᠠᠷᠢᠨ ᠬᠠᠭᠤᠳᠠᠰᠤ ᠶᠢ ᠪᠡᠶᠡᠯᠡᠭᠦᠯᠦᠭᠰᠡᠨ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠭᠦᠢᠴᠡᠳᠬᠡᠯ ᠲᠤᠭ᠎ᠠ ᠶᠢᠨ ᠰᠢᠰᠲ᠋ᠧᠮ ᠳᠤ ᠣᠷᠣᠭᠤᠯᠤᠨ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠴᠢᠩᠳᠠᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ ᠬᠢᠨᠠᠨ ᠰᠢᠯᠭᠠᠨ᠎ᠠ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠠ ᠡᠳ᠋ ᠤᠨ ᠵᠠᠰᠠᠭ ᠤᠨ ᠲᠢᠩᠬᠢᠮ ᠨᠢ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠵᠢᠷᠤᠮᠵᠢᠯ ᠤᠨ ᠴᠢᠨᠠᠷᠲᠠᠢ᠂ ᠪᠡᠯᠡ ᠮᠥᠩᠭᠦ ᠶᠢᠨ ᠬᠡᠷᠡᠭᠵᠢᠭᠦᠯᠦᠯᠲᠡ ᠶᠢᠨ ᠠᠬᠢᠴᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠦᠨᠡᠯᠡᠬᠦ ᠶᠢᠨ ᠬᠠᠮᠲᠤ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠭᠠᠵᠠᠷ ᠣᠷᠣᠨ ᠳᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢ ᠵᠣᠬᠢᠶᠠᠨ ᠪᠠᠶᠢᠭᠤᠯᠤᠨ᠎ᠠ᠃ᠲᠣᠭᠲᠠᠭᠠᠯ ᠠᠴᠠ ᠵᠥᠷᠢᠴᠡᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠭᠰᠡᠨ᠂ ᠡᠭᠦᠷᠭᠡ ᠶᠢᠨ ᠬᠡᠪᠴᠢᠶ᠎ᠡ ᠠᠴᠠ ᠬᠡᠲᠦᠷᠡᠭᠦᠯᠦᠨ ᠪᠡᠯᠡ ᠮᠥᠩᠭᠦ ᠲᠣᠬᠢᠷᠠᠭᠤᠯᠤᠭᠰᠠᠨ ᠵᠡᠷᠭᠡ ᠪᠠᠶᠢᠳᠠᠯ ᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠢᠯᠭᠠᠨ ᠬᠢᠨᠠᠭᠰᠠᠨ ᠪᠠᠶᠢᠳᠠᠯ ᠲᠠᠢ ᠤᠶᠠᠯᠳᠤᠭᠤᠯᠤᠨ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠠᠷᠠᠭ᠎ᠠ ᠵᠢᠯ ᠤᠨ ᠪᠡᠯᠡ ᠮᠥᠩᠭᠦ ᠶᠢ ᠲᠣᠬᠢᠷᠠᠭᠤᠯᠬᠤ ᠳᠠᠭᠠᠨ ᠵᠣᠬᠢᠬᠤ ᠬᠠᠷᠢᠴᠠᠯ ᠢᠶᠠᠷ ᠬᠠᠰᠤᠨ᠎ᠠ᠃      ᠳᠥᠷᠪᠡ᠂ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠶᠢ ᠴᠢᠩᠭᠠᠳᠬᠠᠪᠠ      ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠣᠯᠭᠤᠬᠤ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠤᠨ ᠵᠠᠰᠠᠭ ᠲᠠᠷᠢᠶᠠᠯᠠᠩ ᠤᠨ ᠲᠣᠭᠲᠠᠭᠠᠯ ﹇2024﹈ 3 ᠳ᠋ᠤᠭᠠᠷ ᠲᠣᠭᠠᠲᠤ︶ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪ ᠤᠨ ᠡᠳ᠋ ᠤᠨ ᠵᠠᠰᠠᠭ ᠤᠨ ᠬᠠᠮᠢᠶ᠎ᠠ ᠪᠦᠬᠦᠢ ᠲᠠᠷᠢᠶᠠᠯᠠᠩ ᠢ ᠳᠡᠮᠵᠢᠬᠦ ᠲᠥᠷᠥ ᠶᠢᠨ ᠪᠣᠳᠣᠯᠭ᠎ᠠ ᠪᠠ ᠠᠶᠢᠮᠠᠭ ᠬᠤᠲᠠ ᠶᠢᠨ ᠱᠠᠲᠤᠨ ᠤ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠵᠦ᠂ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠮᠡᠳᠡᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠮᠡᠳᠡᠭᠦᠯᠬᠦ ᠴᠤᠪᠤᠷᠠᠯ ᠢ ᠳᠥᠭᠦᠮᠴᠢᠯᠡᠨ᠂ ᠮᠡᠳᠡᠭᠦᠯᠬᠦ ᠵᠦᠭᠯᠡᠭᠦᠷ ᠢ ᠢᠯᠡ ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠭᠤᠣᠯ ᠴᠣᠭᠴᠠ ᠶᠢᠨ ᠪᠠᠶᠢᠳᠠᠯ ᠢ ᠮᠡᠳᠡᠬᠦ ᠡᠷᠬᠡ ᠪᠠ ᠰᠣᠩᠭᠤᠬᠤ ᠡᠷᠬᠡ ᠶᠢ ᠪᠠᠲᠤᠯᠠᠬᠤ ᠬᠡᠷᠡᠭᠲᠡᠢ᠃ ᠨᠥᠬᠦᠪᠦᠷᠢ ᠶᠢᠨ ᠪᠡᠯᠡ ᠮᠥᠩᠭᠦ ᠶᠢ ᠣᠷᠣᠯᠠᠨ ᠲᠠᠷᠬᠠᠭᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠷᠤᠮᠵᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠬᠤ ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠠᠯ ᠶᠣᠰᠣᠭᠠᠷ ᠲᠤᠰᠠᠯᠠᠬᠤ ᠪᠠᠷ ᠪᠠᠶᠢᠭ᠎ᠠ ᠡᠲᠡᠭᠡᠳ᠂ ᠪᠡᠯᠡ ᠮᠥᠩᠭᠦ ᠶᠢᠨ ᠲᠣᠬᠢᠷᠠᠭᠤᠯᠤᠯᠲᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠡᠭᠦᠨ ᠳᠤ ᠡᠷᠦᠬᠡ ᠳᠤ ᠲᠠᠷᠬᠠᠭᠠᠭᠰᠠᠨ ᠨᠥᠬᠦᠪᠦᠷᠢ ᠶᠢᠨ ᠪᠠᠶᠢᠳᠠᠯ ᠢ ᠲᠣᠰᠬᠤᠨ ᠤ ᠱᠠᠲᠤᠨ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠬᠦ ᠬᠡᠷᠡᠭᠲᠡᠢ᠃ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠲᠠᠷᠢᠶᠠᠴᠢᠨ ᠲᠦᠮᠡᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠣᠨ ᠦᠨᠳᠦᠰᠦᠨ ᠱᠠᠲᠤᠨ ᠤ ᠺᠠᠳ᠋ᠷᠴᠤᠳ ᠲᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠡᠵᠡᠮᠰᠢᠭᠦᠯᠦᠨ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠰᠢᠭᠲᠠᠢ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠬᠤ ᠬᠡᠷᠡᠭᠲᠡᠢ᠃      ᠲᠠᠪᠤ ᠂ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ      ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠡᠳ᠋ ᠤᠨ ᠶᠠᠪᠤᠳᠠᠯ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠤᠨ ᠪᠠᠶᠢᠷᠢᠯᠠᠭᠤᠯᠤᠯᠲᠠ ᠶᠣᠰᠣᠭᠠᠷ᠂ ᠰᠢᠯᠵᠢᠭᠦᠯᠦᠨ ᠥᠭᠬᠦ ᠲᠥᠷᠥᠯ ᠵᠦᠢᠯ ᠤᠨ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ ᠭᠤᠭᠴᠤᠭ᠎ᠠ ᠳᠠᠬᠢ ᠲᠦᠭᠰᠢᠭᠦᠷᠢ ᠶᠢᠨ ᠴᠢᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠂ ᠰᠠᠯᠭᠠᠨ ᠥᠭᠬᠦ ᠪᠠᠷ ᠵᠠᠷᠤᠯᠭ᠎ᠠ ᠶᠢ ᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠡᠭᠦᠨ ᠤ ᠬᠠᠮᠲᠤ᠂ ᠪᠡᠯᠡ ᠮᠥᠩᠭᠦ ᠶᠢᠨ ᠬᠡᠷᠡᠭᠵᠢᠭᠦᠯᠦᠯᠲᠡ ᠶᠢ ᠲᠣᠬᠢᠷᠠᠭᠤᠯᠬᠤ ᠪᠠ ᠰᠢᠮᠳᠠᠭᠤᠯᠤᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠪᠠ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠬᠥᠳᠡᠯᠦᠩᠭᠦᠢ ᠪᠠᠷ ᠡᠵᠡᠮᠰᠢᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠳᠤᠮᠳᠠᠬᠢ ᠠᠰᠠᠭᠤᠳᠠᠯ ᠢ ᠴᠠᠭᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠴᠢᠬᠤᠯᠠ ᠶᠡᠭᠡ ᠵᠦᠢᠯᠡᠰ ᠢ ᠴᠠᠭ ᠲᠤᠬᠠᠢ ᠳᠤᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠪᠡᠯᠡ ᠮᠥᠩᠭᠦ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ 2025 ᠣᠨ ᠤ 1 ᠰᠠᠷ᠎ᠠ ᠶᠢᠨ 10 ᠤ ᠡᠳᠦᠷ ᠠᠴᠠ ᠡᠮᠦᠨ᠎ᠡ ᠲᠥᠷᠥᠯ ᠵᠦᠢᠯ ᠢ ᠬᠡᠷᠡᠭᠵᠢᠭᠦᠯᠦᠭᠰᠡᠨ ᠳ᠋ᠦᠩᠨᠡᠯᠲᠡ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠰᠠᠭᠤᠷᠢ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠬᠡᠷᠡᠭᠲᠡᠢ᠃ ᠡᠯ᠎ᠡ ᠵᠦᠢᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠦᠨᠡᠨᠬᠦ ᠪᠠᠲᠤᠯᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠪᠠᠶᠢᠳᠠᠯ ᠢ ᠬᠠᠮᠢᠶ᠎ᠠ ᠪᠦᠬᠦᠢ ᠪᠡᠯᠡ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃      ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠲᠣᠰᠣᠨ ᠤ ᠦᠢᠯᠡᠳᠪᠦᠷᠢᠯᠡᠯ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠤᠭᠤᠳᠬᠤ ᠰᠠᠨᠠᠯ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠤᠭᠤᠳᠬᠤ ᠰᠠᠨᠠᠯ      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠣᠭᠤᠳᠬᠤ ᠰᠠᠨᠠᠯ      4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠣᠭᠤᠳᠬᠤ ᠰᠠᠨᠠᠯ      5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠣᠭᠤᠳᠬᠤ ᠰᠠᠨᠠᠯ      6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠠᠮᠢᠲᠠᠨ ᠤ ᠬᠢᠵᠢᠭ ᠢ ᠰᠡᠷᠭᠡᠶᠢᠯᠡᠬᠦ ᠴᠢᠭᠯᠡᠯ︶ ᠶᠢᠨ ᠲᠦᠷᠦᠯ ᠵᠦᠢᠯ ᠢ ᠬᠡᠷᠡᠭᠵᠢᠭᠦᠯᠬᠦ ᠵᠢᠯᠤᠭᠤᠳᠬᠤ ᠰᠠᠨᠠᠯ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ                                        2024 ᠣᠨ ᠤ 6 ᠰᠠᠷ᠎ᠠ ᠶᠢᠨ 28 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号