ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠡᠭᠦᠯᠳᠡᠷ ᠤᠨ ᠲᠤᠷᠰᠢᠯᠲᠠ ᠶᠢᠨ ᠪᠠᠶᠢᠴᠠᠭᠠᠯᠲᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2024/7/10
      7 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠤᠨ ᠰᠠᠯᠠᠭᠠᠨ ᠤ ᠳᠠᠷᠤᠭ᠎ᠠ ᠹᠦ᠋ ᠰᠢᠶᠣᠣ ᠬᠤᠸᠠ ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠳᠠᠭᠠᠭᠤᠯᠤᠨ ᠬᠥᠯᠥᠨ ᠪᠤᠶᠢᠷ ᠬᠤᠲᠠ ᠳᠤ ᠭᠦᠨᠵᠡᠭᠡᠶᠢᠷᠡᠨ᠂ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ᠂ ᠤᠰᠤᠨ ᠲᠤᠲᠤᠷᠭ᠎ᠠ ᠶᠢᠨ ᠣᠷᠣᠨ ᠤ ᠲᠤᠷᠰᠢᠯᠲᠠ ᠳᠤ ᠪᠠᠶᠢᠴᠠᠭᠠᠯᠲᠠ ᠬᠢᠪᠡ᠃ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠡᠷᠭᠡᠵᠢᠯᠲᠡᠨ ᠪᠠᠷ᠎ᠠ ᠪᠣᠯᠵᠤᠪᠠᠶᠢᠴᠠᠭᠠᠪᠠ᠃      ᠡᠨᠡ ᠵᠢᠯ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠡᠷᠳᠡᠨᠢ ᠰᠢᠰᠢ ᠶᠢᠨ ᠳᠡᠰ ᠤᠨ ᠲᠤᠩ ᠡᠷᠲᠡ ᠪᠣᠯᠪᠠᠰᠤᠷᠠᠬᠤ ᠳᠤᠭᠤᠶᠢᠯᠠᠩ ᠤᠨ ᠣᠷᠣᠨ ᠤ ᠲᠤᠷᠰᠢᠯᠲᠠ᠂ ᠡᠷᠲᠡ ᠪᠣᠯᠪᠠᠰᠤᠷᠠᠬᠤ ᠳᠤᠭᠤᠶᠢᠯᠠᠩ ᠤᠨ ᠣᠷᠣᠨ ᠤ ᠲᠤᠷᠰᠢᠯᠲᠠ ᠬᠢᠵᠦ᠂ ᠲᠤᠷᠰᠢᠯᠲᠠ ᠶᠢᠨ ᠣᠷᠣᠨ  ᠨᠢ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠦᠩ ᠡᠾᠧ ᠪᠠᠯᠭᠠᠰᠤᠨ ᠤ ᠲᠤᠷᠰᠢᠯᠲᠠ ᠶᠢᠨ ᠰᠠᠭᠤᠷᠢᠨ ᠭᠠᠵᠠᠷ ᠲᠤ ᠪᠠᠶᠢᠷᠢᠯᠠᠵᠤ ᠪᠣᠶ︔ ᠡᠭᠦᠨ ᠤ ᠬᠠᠮᠲᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠰᠠ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠡᠷᠲᠡ ᠪᠣᠯᠪᠠᠰᠤᠷᠠᠬᠤ ᠳᠤᠭᠤᠶᠢᠯᠠᠩ ᠤᠨ ᠰᠣᠷᠣᠭᠴᠢ ᠶᠢᠨ ᠲᠤᠷᠰᠢᠯᠲᠠ ᠶᠢ ᠡᠭᠦᠷᠭᠡᠯᠡᠵᠦ᠂ ᠲᠤᠷᠰᠢᠯᠲᠠ ᠶᠢᠨ ᠣᠷᠣᠨ  ᠨᠢ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤᠨ ᠤ ᠬᠤᠩ ᠭᠤᠸᠠᠩ ᠲᠣᠰᠬᠤᠨ ᠳᠤ ᠪᠠᠶᠢᠷᠢᠯᠠᠵᠤ ᠪᠣᠶ᠃ ᠪᠠᠶᠢᠴᠠᠭᠠᠬᠤ ᠳᠤᠭᠤᠶᠢᠯᠠᠩ ᠤᠨ ᠬᠢᠨ ᠲᠤᠷᠰᠢᠯᠲᠠ ᠶᠢᠨ ᠲᠠᠷᠢᠶᠠᠨ ᠳᠤ ᠭᠦᠨᠵᠡᠭᠡᠶᠢᠷᠡᠵᠦ᠂ ᠲᠤᠷᠰᠢᠯᠲᠠ ᠶᠢᠨ ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠤᠷᠰᠢᠯᠲᠠ ᠶᠢᠨ ᠴᠡᠭ ᠤᠨ ᠦᠨᠳᠦᠰᠦᠨ ᠨᠥᠬᠦᠴᠡᠯ᠂ ᠲᠠᠷᠢᠶᠠᠨ ᠭᠠᠵᠠᠷ ᠤᠨ ᠲᠤᠷᠰᠢᠯᠲᠠ ᠶᠢᠨ ᠵᠢᠷᠤᠭ ᠲᠥᠯᠥᠪᠯᠡᠭᠡ᠂ ᠪᠠᠶᠢᠴᠠᠭᠠᠯᠲᠠ ᠶᠢᠨ ᠲᠡᠮᠳᠡᠭᠯᠡᠯ᠂ ᠲᠤᠷᠰᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠲᠤᠷᠰᠢᠯᠲᠠ ᠶᠢᠨ ᠡᠭᠦᠯᠳᠡᠷ ᠤᠨ ᠢᠯᠡᠷᠡᠯ ᠤᠨ ᠪᠠᠶᠢᠳᠠᠯ ᠵᠡᠷᠭᠡ ᠳᠤ ᠨᠠᠷᠢᠨ ᠨᠢᠭᠲᠠ ᠪᠠᠶᠢᠴᠠᠭᠠᠵᠤ ᠲᠡᠮᠳᠡᠭᠯᠡᠭᠰᠡᠨ ᠪᠠ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠵᠡᠢ᠃ ᠣᠳᠣᠬᠠᠨ ᠳᠤ ᠡᠷᠳᠡᠨᠢ ᠰᠢᠰᠢ᠂ ᠤᠰᠤᠨ ᠲᠤᠲᠤᠷᠭ᠎ᠠ ᠶᠢᠨ ᠣᠷᠣᠨ ᠪᠦᠰᠡ ᠶᠢᠨ ᠲᠤᠷᠰᠢᠯᠲᠠ ᠶᠢᠨ ᠤᠷᠭᠤᠴᠠ ᠰᠠᠶᠢᠨ ᠪᠠᠶᠢᠵᠤ᠂ ᠡᠯ᠎ᠡ ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠪᠦᠷᠢᠨ ᠪᠦᠲᠦᠨ ᠴᠤᠭᠯᠠᠭᠤᠯᠵᠤ᠂ ᠪᠠᠶᠢᠴᠠᠭᠠᠬᠤ ᠳᠤᠭᠤᠶᠢᠯᠠᠩ ᠤᠨ ᠬᠢᠨ ᠣᠷᠣᠨ ᠪᠦᠰᠡ ᠶᠢᠨ ᠲᠤᠷᠰᠢᠯᠲᠠ ᠶᠢᠨ ᠠᠵᠢᠯ ᠢ ᠭᠦᠢᠴᠡᠳ ᠨᠤᠲᠠᠯᠠᠪᠠ᠃      ᠡᠷᠳᠡᠨᠢ ᠰᠢᠰᠢ᠂ ᠤᠰᠤᠨ ᠲᠤᠲᠤᠷᠭ᠎ᠠ ᠶᠢᠨ ᠡᠭᠦᠯᠳᠡᠷ ᠤᠨ ᠲᠤᠷᠰᠢᠯᠲᠠ ᠶᠢ ᠰᠠᠶᠢᠲᠤᠷ ᠬᠢᠬᠦ ᠪᠣᠯ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠨᠢᠭᠡ ᠠᠯᠬᠤᠮ ᠪᠣᠯᠣᠨ᠎ᠠ᠂ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠷᠳᠡᠨᠢ ᠰᠢᠰᠢ᠂ ᠤᠰᠤᠨ ᠲᠤᠲᠤᠷᠭ᠎ᠠ ᠶᠢᠨ ᠡᠭᠦᠯᠳᠡᠷ ᠤᠨ ᠲᠤᠷᠰᠢᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠡᠭᠦᠯᠳᠡᠷ ᠤᠨ ᠲᠤᠷᠰᠢᠯᠲᠠ ᠶᠢ ᠪᠡᠶᠡᠯᠡᠭᠦᠯᠬᠦ ᠶᠢᠨ ᠬᠠᠮᠲᠤ ᠰᠣᠯᠢᠯᠴᠠᠨ ᠰᠤᠷᠤᠯᠴᠠᠬᠤ ᠪᠠᠷ ᠳᠠᠮᠵᠢᠭᠤᠯᠤᠨ᠂ ᠡᠷᠳᠡᠨᠢ ᠰᠢᠰᠢ᠂ ᠤᠰᠤᠨ ᠲᠤᠲᠤᠷᠭ᠎ᠠ ᠶᠢᠨ ᠡᠭᠦᠯᠳᠡᠷ ᠪᠣᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠵᠢᠴᠢ ᠬᠦᠯᠦᠨ ᠪᠣᠶᠢᠷ ᠬᠤᠲᠠ ᠶᠢᠨ ᠲᠣᠬᠢᠷᠠᠮᠵᠢᠲᠠᠢ ᠰᠠᠶᠢᠨ ᠡᠷᠳᠡᠨᠢ ᠰᠢᠰᠢ ᠵᠢᠴᠢ ᠤᠰᠤᠨ ᠲᠤᠲᠤᠷᠭ᠎ᠠ ᠶᠢᠨ ᠡᠭᠦᠯᠳᠡᠷ ᠢ ᠮᠠᠯᠲᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠤᠢ᠃
图片11.png
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号