ᠮᠠᠨ ᠤ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠡᠯᠡᠪᠠᠢ 4665 ᠲᠦᠮᠡᠨ ᠮᠦ ᠶᠢ ᠳᠠᠪᠠᠵᠠᠢ
ᠨᠡᠶᠢᠲᠡᠯᠡᠭᠰᠡᠨ ᠴᠠᠭ᠄
2024/7/10
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠤᠶᠠᠷ ᠲᠠᠯ᠎ᠠ ᠪᠠᠷ ᠬᠦᠴᠦᠯᠡᠬᠦ᠂ ᠣᠶᠤᠨᠴᠢ ᠪᠠᠷ ᠬᠥᠭᠵᠢᠭᠦᠯᠬᠦ ᠵᠡᠷᠭᠡ ᠠᠷᠭ᠎ᠠ ᠭᠡᠯᠪᠡᠷᠢ ᠶᠢ ᠰᠦᠪᠡᠭᠴᠢᠯᠡᠬᠦ ᠪᠠᠷ ᠳᠠᠮᠵᠢᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠪᠠ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠤᠨᠠᠯᠲᠠ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠣᠳᠣᠬᠠᠨ ᠪᠤᠯᠲᠠᠯ᠎ᠠ ᠪᠦᠭᠦ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠡᠯᠡᠪᠠᠢ 4665.7 ᠲᠦᠮᠡᠨ ᠮᠦ ᠳᠤ ᠬᠦᠷᠴᠦ᠂ ᠥᠭᠡᠷᠡᠴᠢᠯᠡᠯᠲᠡ ᠶᠢᠨ ᠬᠠᠷᠠᠯᠲᠠᠲᠤ ᠡᠭᠦᠷᠭᠡ ᠪᠠᠨ 1 ᠵᠢᠯ ᠤᠷᠢᠳᠴᠢᠯᠠᠨ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠮᠠᠨ ᠤ ᠣᠷᠣᠨ ᠤᠷᠢᠳ ᠬᠤᠵᠢᠳ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠢ ᠲᠥᠰᠥᠯ᠂ ︽ᠨᠢᠭᠡ ᠠᠶᠢᠮᠠᠭ ︵ᠬᠤᠲᠠ︶ ᠲᠤ ᠨᠢᠭᠡ ᠠᠷᠭ᠎ᠠ ᠪᠣᠳᠣᠯᠭ᠎ᠠ ᠠᠪᠬᠤ︾᠂ ︽ᠨᠡᠯᠦᠶᠢᠲᠡᠯ᠎ᠡ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ ᠲᠤᠰᠬᠠᠢ ᠲᠥᠰᠥᠯ ᠪᠣᠯᠣᠨ ᠪᠣᠷᠣᠳᠣᠬᠤᠢ  ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠶᠢ ᠱᠠᠩᠨᠠᠬᠤ ᠠᠷᠭ᠎ᠠ ᠵᠡᠷᠭᠡ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠤᠰᠬᠠᠢ ᠳᠤᠭᠤᠶᠢᠯᠠᠩ ᠪᠠᠶᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠣᠶᠢᠷ᠎ᠠ ᠶᠢᠨ 10 ᠵᠢᠯ ᠳᠤ ᠮᠠᠨ ᠤ ᠣᠷᠣᠨ ᠨᠡᠶᠢᠲᠡ 75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 31 ᠰᠠᠭᠤᠷᠢ ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠳᠤ ᠣᠳᠣᠬᠢᠴᠢᠯᠠᠬᠤ ᠥᠭᠡᠷᠡᠴᠢᠯᠡᠯᠲᠡ ᠬᠢᠵᠦ᠂ ᠤᠰᠤᠯᠠᠯᠲᠠ ᠶᠢᠨ ᠲᠠᠷᠢᠶᠠᠨ ᠭᠠᠵᠠᠷ ᠢ 1697 ᠲᠦᠮᠡᠨ ᠮᠦ ᠰᠠᠶᠢᠵᠢᠷᠠᠭᠤᠯᠤᠨ᠂ ᠤᠰᠤ ᠠᠷᠪᠢᠯᠠᠬᠤ ᠴᠢᠳᠠᠪᠤᠷᠢ ᠶᠢ 6.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠤᠰᠤᠯᠠᠯᠲᠠ ᠶᠢᠨ ᠣᠷᠣᠨ ᠤ ᠪᠠᠷᠢᠯᠭ᠎ᠠ ᠶᠢᠨ ᠵᠦᠢᠯᠡᠰ ᠤᠨ ᠪᠦᠷᠢᠨ ᠪᠦᠲᠦᠨ ᠪᠠᠶᠢᠬᠤ ᠨᠣᠷᠮ᠎ᠠ ᠶᠢ 60% ᠳᠤ ᠭᠦᠷᠲᠡᠯ᠎ᠡ ᠳᠡᠭᠡᠭᠰᠢᠯᠡᠭᠦᠯᠦᠨ᠂ ᠭᠤᠣᠯᠯᠠᠬᠤ ᠰᠤᠪᠠᠭ ᠤᠨ ᠤᠰᠤ ᠳᠠᠮᠵᠢᠭᠤᠯᠬᠤ ᠴᠢᠳᠠᠪᠤᠷᠢ ᠶᠢ 15% - 20%  ᠪᠠᠷ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠦ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠨ ᠭᠠᠵᠠᠷ ᠢ ᠨᠡᠶᠢᠳᠡ 3403 ᠲᠦᠮᠡᠨ ᠮᠦ ᠪᠠᠶᠢᠭᠤᠯᠵᠤ᠂ 2787 ᠲᠦᠮᠡᠨ ᠮᠦ ᠲᠠᠷᠢᠶᠠᠨ ᠭᠠᠵᠠᠷ ᠲᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠲᠠᠷᠢᠬᠤ ᠶᠢ 33 ᠲᠦᠮᠡᠨ ᠮᠦ ᠪᠠᠭᠠᠰᠬᠠᠨ᠂ ᠭᠠᠩ ᠳᠤ ᠳᠠᠭᠠᠭᠠᠴᠠᠲᠠᠢ ᠲᠠᠷᠢᠮᠠᠯ ᠤᠨ ᠲᠦᠷᠦᠯ ᠵᠦᠢᠯ ᠢ 1100 ᠲᠦᠮᠡᠨ ᠮᠦ ᠳᠡᠯᠭᠡᠷᠡᠭᠦᠯᠪᠡ᠃      2021 ᠣᠨ ᠠᠴᠠ ᠣᠳᠣᠬᠠᠨ ᠪᠤᠯᠲᠠᠯ᠎ᠠ ᠮᠠᠨ ᠤ ᠣᠷᠣᠨ ᠪᠠᠷᠤᠭ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠡᠯ᠎ᠡ ᠭᠠᠵᠠᠷ ᠤᠨ ᠤᠰᠤ ᠠᠷᠪᠢᠯᠠᠬᠤ ᠱᠠᠩᠨᠠᠯ ᠨᠥᠬᠦᠪᠦᠷᠢ ᠣᠯᠭᠤᠬᠤ ᠶᠢ ᠳᠡᠮᠵᠢᠵᠦ᠂ ᠬᠠᠲᠤᠨ ᠭᠤᠣᠯ ᠤᠨ ᠰᠠᠪᠠ ᠭᠠᠵᠠᠷ ᠤᠨ ᠠᠶᠢᠮᠠᠭ ᠬᠤᠲᠠ ᠠᠯᠤᠰᠯᠠᠭᠰᠠᠨ ᠵᠢᠴᠢ ᠠᠶᠢᠮᠠᠭ ᠬᠤᠲᠠ ᠶᠢᠨ ᠬᠤᠭᠤᠷᠣᠨᠳᠤ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢ ᠭᠦᠢᠯᠭᠡᠭᠡᠬᠦ ᠠᠵᠢᠯ ᠢ ᠶᠡᠭᠡ  ᠪᠠᠷ ᠠᠬᠢᠭᠤᠯᠵᠤ᠂ 4.76 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ ᠶᠢ ᠰᠢᠯᠵᠢᠭᠦᠯᠪᠡ᠃ 2023 ᠣᠨ ᠳᠤ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ  ᠤ ᠡᠬᠢ ᠪᠠᠶᠠᠯᠢᠭ ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢ ᠠᠶᠢᠮᠠᠭ ᠬᠤᠲᠠ ᠶᠢᠨ ᠬᠤᠭᠤᠷᠣᠨᠳᠤ ᠭᠦᠢᠯᠭᠡᠭᠡᠬᠦ ᠠᠵᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 23.13 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ 13.21 ᠳ᠋ᠦᠩᠰᠢᠭᠤᠷ ᠲᠥᠭᠦᠷᠢᠭ  ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠬᠠᠲᠤᠨ ᠭᠤᠣᠯ ᠳᠠᠭᠠᠤ ᠠᠶᠢᠮᠠᠭ ᠬᠤᠲᠠ ᠶᠢᠨ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠦᠬᠦᠢ ᠠᠵᠤ ᠦᠢᠯᠡᠳᠪᠦᠷᠢ ᠶᠢᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠪᠤᠯᠤᠨ᠎ᠠ︔ ᠪᠠᠷᠤᠭ 12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ 18 ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠳᠤ ᠮᠡᠳᠡᠭᠡ ᠵᠠᠩᠭᠢᠵᠢᠯᠲᠠ ᠶᠢᠨ ᠲᠣᠭᠠᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠤᠣᠯ ᠪᠤᠯᠬᠤ ᠵᠠᠮ ᠰᠤᠪᠠᠭ  ᠢ ᠬᠠᠮᠤᠷᠤᠭᠰᠠᠨ ᠤᠰᠤᠨ ᠲᠦᠪᠰᠢᠨ᠂ ᠤᠷᠤᠰᠬᠠᠯ ᠤᠨ ᠬᠡᠮᠵᠢᠶ᠎ᠡ᠂ ᠬᠠᠷᠠᠭᠠᠨ ᠳᠠᠪᠲᠠᠮᠵᠢ ᠵᠡᠷᠭᠡ ᠲᠤᠭ᠎ᠠ ᠪᠠᠷᠢᠮᠲᠠ ᠶᠢ ᠴᠤᠭᠯᠠᠭᠤᠯᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ  ᠤᠨ ᠴᠠᠭ ᠬᠤᠭᠤᠴᠠᠭ᠎ᠠ᠂ ᠣᠷᠣᠨ ᠵᠠᠢ ᠶᠢᠨ ᠲᠣᠬᠢᠷᠠᠭᠤᠯᠤᠯᠲᠠ ᠶᠢᠨ ᠴᠢᠳᠠᠪᠤᠷᠢ ᠪᠣᠯᠣᠨ ᠤᠰᠤ ᠳᠠᠮᠵᠢᠭᠤᠯᠬᠤ ᠢᠨᠵᠧᠨᠧᠷᠢᠩ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号