ᠢᠯᠭᠠᠳᠠᠰᠤᠨ ᠪᠣᠷᠳᠣᠭᠤᠷ ᠤᠨ ᠰᠢᠮ᠎ᠡ ᠲᠡᠵᠢᠭᠡᠯ ᠤᠨ ᠡᠷᠦᠳᠡᠰᠦᠵᠢᠬᠦ ᠪᠠ ᠢᠯᠵᠠᠷᠠᠭᠤᠯᠬᠤ ᠶᠠᠪᠤᠴᠠ
ᠨᠡᠶᠢᠲᠡᠯᠡᠭᠰᠡᠨ ᠴᠠᠭ᠄
2024/7/10
      1.ᠬᠠᠲᠠᠭᠤ ᠪᠡᠶᠡᠲᠦ ᠢᠯᠭᠠᠳᠠᠰᠤᠨ ᠪᠣᠷᠳᠣᠭᠤᠷ ᠤᠨ ᠡᠷᠦᠳᠡᠰᠦᠵᠢᠬᠦ ᠶᠠᠪᠤᠴᠠ᠄ ᠬᠠᠲᠠᠭᠤ ᠪᠡᠶᠡᠲᠦ ᠢᠯᠭᠠᠳᠠᠰᠤᠨ ᠪᠣᠷᠳᠣᠭᠤᠷ ᠤᠨ ᠡᠷᠦᠳᠡᠰᠦᠵᠢᠬᠦ ᠶᠠᠪᠤᠴᠠ ᠨᠢ ᠬᠥᠷᠥᠰᠥ ᠰᠢᠷᠣᠢ ᠣᠷᠣᠭᠤᠯᠬᠤ ᠣᠷᠭᠠᠨᠢᠭ ᠪᠣᠷᠳᠣᠭᠤᠷ ᠢ ᠮᠢᠺᠷᠣᠪ ᠢᠶᠠᠷ ᠰᠢᠭᠦᠷᠡᠭᠦᠯᠬᠦ ᠢᠰᠬᠡᠭᠦᠷ ᠵᠡᠷᠭᠡ ᠦᠢᠯᠡᠳᠦᠯ ᠳᠣᠣᠷ᠎ᠠ ᠣᠷᠭᠠᠨᠢᠭ ᠪᠣᠳᠠᠰ ᠢ ᠬᠠᠮᠤᠭ ᠤᠨ ᠳᠥᠭᠦᠮ ᠬᠢᠮᠢ ᠶᠢᠨ ᠨᠢᠭᠡᠳᠪᠦᠷᠢ ᠪᠣᠯᠭᠠᠨ ᠵᠠᠳᠠᠷᠠᠭᠤᠯᠵᠤ᠂ ᠬᠠᠮᠤᠭ ᠡᠴᠦᠰ ᠲᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠤᠰᠤ ᠪᠠ ᠡᠷᠦᠳᠡᠰᠦ ᠶᠢᠨ ᠰᠢᠮ᠎ᠡ ᠲᠡᠵᠢᠭᠡᠯ ᠪᠣᠯᠭᠠᠨ ᠵᠠᠳᠠᠷᠠᠬᠤ ᠶᠢᠨ ᠬᠠᠮᠲᠤ ᠡᠨᠧᠷᠭᠢ ᠡᠭᠦᠰᠬᠡᠳᠡᠭ᠃ ᠡᠶᠢᠮᠦᠷᠬᠦ ᠶᠠᠪᠤᠴᠠ ᠨᠢ ᠤᠷᠭᠤᠮᠠᠯ ᠪᠠ ᠮᠢᠺᠷᠣᠪ ᠲᠤ ᠰᠢᠮ᠎ᠡ ᠲᠡᠵᠢᠭᠡᠯ ᠪᠠ ᠬᠥᠳᠡᠯᠭᠡᠭᠡᠨᠲᠦ ᠡᠨᠧᠷᠭᠢ ᠬᠠᠩᠭᠠᠵᠤ᠂ ᠨᠢᠭᠡ ᠬᠡᠰᠡᠭ ᠡᠴᠦᠰ ᠤᠨ ᠪᠦᠲᠦᠭᠡᠭᠳᠡᠬᠦᠨ ᠪᠤᠶᠤ ᠵᠠᠪᠰᠠᠷ ᠤᠨ ᠪᠦᠲᠦᠭᠡᠭᠳᠡᠬᠦᠨ ᠨᠢ ᠬᠥᠷᠥᠰᠥ ᠰᠢᠷᠣᠢ ᠶᠢᠨ ᠰᠢᠨᠵᠢ ᠴᠢᠨᠠᠷ ᠢ ᠰᠢᠭᠤᠳ ᠪᠤᠶᠤ ᠳᠠᠮ ᠢᠶᠠᠷ ᠨᠥᠯᠥᠭᠡᠯᠡᠬᠦ ᠶᠢᠨ ᠬᠠᠮᠲᠤ ᠢᠯᠵᠢᠮᠡᠭ ᠡᠳ᠋ ᠤᠨ ᠢᠷᠡᠯᠲᠡ ᠶᠢ ᠬᠠᠩᠭᠠᠳᠠᠭ᠃ ᠬᠦᠷᠦᠰᠦ ᠰᠢᠷᠤᠢ ᠶᠢᠨ ᠣᠷᠭᠠᠨᠢᠭ ᠪᠣᠳᠠᠰ ᠤᠨ ᠡᠷᠦᠳᠡᠰᠦᠵᠢᠬᠦ ᠶᠠᠪᠤᠴᠠ ᠨᠢ ᠰᠠᠶᠢᠨ ᠨᠥᠬᠦᠴᠡᠯ ᠳᠣᠣᠷ᠎ᠠ ᠶᠠᠪᠤᠭᠳᠠᠪᠠᠯ ᠬᠤᠷᠳᠤᠴᠠ ᠨᠢ ᠬᠤᠷᠳᠤᠨ᠂ ᠵᠠᠳᠠᠷᠠᠬᠤ ᠨᠢ ᠪᠦᠷᠢᠮᠦᠰᠦᠨ᠂ ᠶᠡᠭᠡ ᠬᠡᠮᠵᠢᠶᠡᠨ ᠤ ᠢᠯᠴᠢ ᠡᠨᠧᠷᠬᠢ ᠲᠠᠯᠪᠢᠵᠤ᠂ ᠬᠤᠣᠷᠲᠤ ᠪᠣᠳᠠᠰ ᠭᠠᠷᠭᠠᠬᠤ ᠦᠭᠡᠢ ᠪᠠᠶᠢᠳᠠᠭ︔ ᠮᠠᠭᠤ ᠨᠥᠬᠦᠴᠡᠯ ᠳᠣᠣᠷ᠎ᠠ᠂ ᠡᠨᠡᠬᠦ ᠡᠷᠦᠳᠡᠰᠦᠵᠢᠬᠦ ᠶᠠᠪᠤᠴᠠ ᠨᠢ ᠠᠯᠭᠤᠷ ᠤᠳᠠᠭᠠᠨ᠂ ᠵᠠᠳᠠᠷᠠᠬᠤ ᠨᠢ ᠪᠦᠷᠢᠮᠦᠰᠦᠨ ᠦᠭᠡᠢ᠂ ᠡᠨᠧᠷᠭᠢ ᠪᠠᠭ᠎ᠠ ᠭᠠᠷᠭᠠᠳᠠᠭ᠂ ᠵᠠᠳᠠᠷᠠᠭᠰᠠᠨ ᠪᠣᠳᠠᠰ ᠨᠢ ᠨᠡᠭᠦᠷᠡᠰᠦᠲᠥᠶᠢᠷᠥᠭᠴᠢ ᠶᠢᠨ ᠳᠠᠪᠬᠤᠷ ᠢᠰᠤᠯ᠂ ᠤᠰᠤ ᠪᠣᠯᠣᠨ ᠡᠷᠦᠳᠡᠰᠦ ᠶᠢᠨ ᠰᠢᠮ᠎ᠡ ᠲᠡᠵᠢᠭᠡᠯ ᠠᠴᠠ ᠭᠠᠳᠠᠨ᠎ᠠ ᠪᠠᠰᠠ ᠤᠤᠯ ᠤᠨ ᠴᠢᠨᠠᠷ ᠪᠦᠬᠦᠢ ᠬᠤᠣᠷᠲᠤ ᠪᠣᠳᠠᠰ ᠡᠭᠦᠰᠳᠡᠭ᠂ ᠲᠤᠬᠠᠶᠢᠯᠠᠪᠠᠯ ᠮᠧᠲ᠋ᠠᠨ᠂ ᠬᠦᠬᠦᠷᠲᠦ ᠤᠰᠤᠲᠥᠶᠢᠷᠥᠭᠴᠢ ᠵᠡᠷᠭᠡ ᠪᠣᠯᠣᠨ᠎ᠠ᠃      2.ᠬᠠᠲᠠᠭᠤ ᠪᠡᠶᠡᠲᠦ ᠢᠯᠭᠠᠳᠠᠰᠤᠨ ᠪᠣᠷᠳᠣᠭᠤᠷ ᠢ ᠢᠯᠵᠠᠷᠠᠭᠤᠯᠬᠤ ᠶᠠᠪᠤᠴᠠ᠄ ᠬᠠᠲᠠᠭᠤ ᠪᠡᠶᠡᠲᠦ ᠢᠯᠭᠠᠳᠠᠰᠤᠨ ᠪᠣᠷᠳᠣᠭᠤᠷ ᠢ ᠢᠯᠵᠠᠷᠠᠭᠤᠯᠬᠤ ᠶᠠᠪᠤᠴᠠ ᠳᠤ ᠬᠥᠷᠥᠰᠥ ᠰᠢᠷᠣᠢ ᠶᠢᠨ ᠮᠢᠺᠷᠣᠪ ᠠᠴᠠ ᠢᠯᠭᠠᠷᠠᠭᠤᠯᠤᠭᠰᠠᠨ ᠢᠰᠬᠡᠭᠦᠷ ᠤᠨ ᠦᠢᠯᠡᠳᠦᠯ ᠳᠣᠣᠷ᠎ᠠ᠂ ᠣᠷᠭᠠᠨᠢᠭ ᠪᠣᠳᠠᠰ ᠢ ᠵᠠᠳᠠᠷᠠᠭᠤᠯᠤᠭᠰᠠᠨ ᠠᠴᠠ ᠪᠤᠶ ᠪᠣᠯᠤᠭᠰᠠᠨ ᠳᠥᠭᠦᠮ ᠬᠢᠮᠢ ᠶᠢᠨ ᠨᠢᠭᠡᠳᠪᠦᠷᠢ ᠪᠣᠯᠣᠨ ᠮᠢᠺᠷᠣᠪ ᠤᠨ ᠠᠮᠢ ᠨᠠᠰᠤᠨ ᠤ ᠠᠵᠢᠯᠯᠠᠭᠠᠨ ᠤ ᠪᠦᠲᠦᠭᠡᠭᠳᠡᠬᠦᠨ ᠨᠢ ᠢᠯᠵᠢᠮᠡᠭ ᠡᠳ᠋ ᠪᠣᠯᠵᠤ ᠬᠤᠪᠢᠷᠠᠳᠠᠭ᠃ ᠬᠥᠷᠥᠰᠥ ᠰᠢᠷᠣᠢ ᠶᠢᠨ ᠢᠯᠵᠢᠮᠡᠭ ᠡᠳ᠋ ᠤᠨ ᠪᠦᠷᠢᠯᠳᠦᠬᠦ  ᠨᠢ ᠶᠡᠷᠦ ᠳᠡᠭᠡᠨ ᠬᠤᠶᠠᠷ ᠱᠠᠲᠤ ᠬᠤᠪᠢᠶᠠᠳᠠᠭ᠄ ᠨᠢᠭᠡᠳᠦᠭᠡᠷ ᠱᠠᠲᠤ᠂ ᠮᠢᠺᠷᠣᠪ ᠨᠢ ᠣᠷᠭᠠᠨᠢᠭ ᠵᠡᠮᠳᠡᠭ ᠪᠡᠶᠡᠲᠦ ᠶᠢ ᠵᠠᠳᠠᠷᠠᠭᠤᠯᠬᠤ ᠶᠢᠨ ᠬᠠᠮᠲᠤ ᠨᠡᠯᠢᠶᠡᠳ ᠳᠥᠭᠦᠮ ᠣᠷᠭᠠᠨᠢᠭ ᠨᠢᠭᠡᠳᠪᠦᠷᠢ ᠪᠣᠯᠭᠠᠨ ᠬᠤᠪᠢᠷᠠᠭᠤᠯᠵᠤ᠂ ᠨᠢᠭᠡ ᠬᠡᠰᠡᠭ ᠨᠢ ᠡᠷᠦᠳᠡᠰᠦᠵᠢᠬᠦ ᠦᠢᠯᠡᠳᠦᠯ ᠢᠶᠠᠷ ᠡᠴᠦᠰ ᠤᠨ ᠪᠦᠲᠦᠭᠡᠭᠳᠡᠬᠦᠨ ᠪᠤᠯᠵᠤ ᠬᠤᠪᠢᠷᠠᠬᠤ ᠦᠶ᠎ᠡ ᠳᠤ᠂ ᠮᠢᠺᠷᠣᠪ ᠤᠨ ᠲᠤᠰ ᠪᠡᠶ᠎ᠡ ᠶᠢᠨ ᠠᠮᠢ ᠨᠠᠰᠤᠨ ᠤ ᠠᠵᠢᠯᠯᠠᠭ᠎ᠠ ᠨᠢ ᠪᠠᠰᠠ ᠳᠠᠬᠢᠨ ᠨᠡᠶᠢᠯᠡᠭᠰᠡᠨ ᠪᠦᠲᠦᠭᠡᠭᠳᠡᠬᠦᠨ ᠪᠠ ᠰᠣᠯᠢᠯᠴᠠᠭᠠᠨ ᠤ ᠪᠦᠲᠦᠭᠡᠭᠳᠡᠬᠦᠨ ᠡᠭᠦᠰᠳᠡᠭ᠃ ᠬᠤᠶᠠᠳᠤᠭᠠᠷ ᠱᠠᠲᠤ᠂ ᠳᠠᠬᠢᠨ ᠨᠡᠶᠢᠯᠡᠵᠦ ᠪᠦᠷᠢᠯᠳᠦᠭᠰᠡᠨ ᠨᠢ ᠭᠤᠣᠯᠳᠠᠭᠤ ᠦᠨᠦᠷᠲᠦ ᠪᠣᠳᠠᠰ ᠪᠠ ᠠᠽᠣᠲ ᠠᠭᠤᠯᠤᠭᠰᠠᠨ ᠤᠭᠤᠷᠠᠭ ᠤᠨ ᠲᠥᠷᠥᠯ ᠤᠨ ᠪᠣᠳᠠᠰ ᠪᠠᠶᠢᠵᠤ᠂ ᠠᠪᠴᠢᠮᠠᠯ ᠢᠯᠵᠠᠷᠠᠮᠠᠯ ᠮᠣᠯᠧᠺᠦ᠋ᠯ ᠪᠣᠯᠣᠨ᠎ᠠ᠃ ᠢᠯᠵᠢᠮᠡᠭ ᠡᠳ᠋ ᠨᠢ ᠬᠠᠷ᠎ᠠ ᠬᠦᠷᠡᠩ ᠥᠩᠭᠡ ᠶᠢᠨ ᠴᠠᠷᠴᠠᠮᠠᠯ ᠴᠠᠪᠠᠤᠯᠢᠭ ᠪᠣᠳᠠᠰ ᠪᠠᠶᠢᠵᠤ᠂ ᠬᠠᠷᠢᠴᠠᠩᠭᠤᠢ ᠪᠠᠷ ᠮᠣᠯᠧᠺᠦ᠋ᠯ ᠤᠨ ᠶᠠᠰᠤ ᠴᠢᠨᠠᠷ ᠨᠢ ᠶᠡᠭᠡ᠂ ᠣᠯᠠᠨ ᠵᠦᠢᠯ ᠤᠨ ᠣᠷᠭᠠᠨᠢᠭ ᠬᠦᠴᠢᠯ ᠤᠨ ᠦᠨᠳᠦᠰᠦ ᠶᠢᠨ ᠢᠶᠤᠨ᠂ ᠵᠢᠭᠳᠡ ᠪᠤᠰᠤ ᠴᠢᠨᠠᠷ ᠲᠠᠢ ᠲᠣᠭᠲᠠᠮᠠᠯ ᠪᠤᠰᠤ ᠠᠭᠰᠢᠨ ᠪᠥᠭᠡᠭᠡᠨᠡᠷᠡᠯ ᠪᠦᠲᠦᠭᠡᠭᠳᠡᠬᠦᠨ ᠪᠣᠯᠣᠨ᠎ᠠ᠃ ᠵᠣᠬᠢᠬᠤ ᠨᠥᠬᠦᠴᠡᠯ ᠳᠣᠣᠷ᠎ᠠ ᠡᠷᠦᠳᠡᠰᠦ ᠶᠢᠨ ᠴᠠᠪᠠᠤᠯᠢᠭ ᠪᠡᠶᠡᠲᠦ ᠲᠠᠢ ᠤᠶᠠᠯᠳᠤᠵᠤ ᠣᠷᠭᠠᠨᠢᠭ ᠪᠤᠰᠤ ᠨᠡᠶᠢᠯᠡᠮᠡᠯ ᠭᠤᠮ ᠴᠣᠭᠴᠠ ᠪᠣᠯᠳᠠᠭ᠃ ᠢᠯᠵᠢᠮᠡᠭ ᠡᠳ᠋ ᠨᠢ ᠵᠣᠬᠢᠬᠤ ᠨᠥᠬᠦᠴᠡᠯ ᠳᠣᠣᠷ᠎ᠠ ᠴᠤ ᠡᠷᠦᠳᠡᠰᠦᠵᠢᠵᠦ ᠵᠠᠳᠠᠷᠠᠳᠠᠭ᠂ ᠭᠡᠪᠡᠴᠦ ᠵᠠᠳᠠᠷᠠᠬᠤ  ᠨᠢ ᠨᠡᠯᠢᠶᠡᠳ ᠤᠳᠠᠭᠠᠨ ᠪᠠᠶᠢᠳᠠᠭ᠂ ᠬᠦᠷᠦᠰᠦ ᠰᠢᠷᠤᠢ ᠶᠢᠨ ᠣᠷᠭᠠᠨᠢᠭ ᠪᠣᠳᠠᠰ ᠤᠨ ᠳᠣᠲᠣᠷᠠᠬᠢ ᠬᠠᠮᠤᠭ ᠤᠨ ᠲᠣᠭᠲᠠᠭᠤᠨ ᠪᠦᠷᠢᠯᠳᠦᠭᠦᠨ ᠮᠥᠨ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号