ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ | ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯ᠎ᠡ ᠲᠠᠯ᠎ᠠ ᠶᠢᠨ | ᠢᠳᠡᠪᠬᠢᠵᠢᠯ ᠢ ᠭᠦᠢᠴᠡᠳ ᠲᠠᠶᠢᠴᠢᠯᠠᠨ ᠬᠦᠴᠦ ᠪᠠᠨ ᠬᠠᠮᠲᠤᠳᠬᠠᠵᠤ ︿ᠤᠮᠠᠷᠠᠲᠤ ᠶᠢᠨ ᠭᠤᠷᠪᠠᠨ ᠣᠷᠣᠨ﹀ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠰᠠᠨᠠᠯ︾ ᠢ ᠣᠶᠢᠷ᠎ᠠ ᠶᠢᠨ ᠡᠳᠦᠷ | ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃ | ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ | ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠣᠯ ᠰᠢᠵᠢᠮ ᠪᠤᠯᠭᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠬᠦᠴᠦ ᠪᠠᠨ | ᠬᠠᠮᠲᠤᠳᠬᠠᠵᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠨᠡᠶᠢᠲᠡᠯᠡᠭᠰᠡᠨ ᠪᠡᠯᠡ ᠮᠥᠩᠭᠦ ᠶᠢᠨ ᠲᠤᠰᠠᠯᠠᠮᠵᠢ᠂ ᠡᠳ᠋ ᠤᠨ ᠵᠠᠰᠠᠭ ᠠᠴᠠ ᠬᠦᠦ ᠮᠥᠩᠭᠦ ᠶᠢᠨ ᠨᠥᠬᠦᠪᠦᠷᠢ ᠥᠭᠬᠦ᠂ | ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠭᠤᠣᠯ | ᠴᠣᠭᠴᠠ ᠳᠤ ᠳᠡᠮᠵᠢᠯᠭᠡ ᠦᠵᠡᠭᠦᠯᠭᠦ ᠬᠡᠷᠡᠭᠲᠡᠢ᠃ ᠨᠢᠭᠡᠴᠢ ᠪᠠ ᠬᠤᠪᠢ ᠬᠥᠮᠥᠨ ᠤ ᠪᠤᠰᠤᠳ ᠠᠷᠭ᠎ᠠ ᠮᠠᠶ᠋ᠢᠭ ᠢᠶᠠᠷ | ᠳᠠᠭᠠᠭᠠᠴᠢᠯᠠᠨ ᠡᠵᠡᠩᠨᠡᠬᠦ ᠡᠷᠬᠡ ᠣᠯᠣᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠳᠡᠭᠡᠷ᠎ᠡ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠵᠠᠰᠠᠯᠲᠠ ᠨᠢ ᠦᠷ᠎ᠡ ᠪᠦᠲᠦᠮᠵᠢ ᠲᠠᠢ ᠪᠣᠯ ᠡᠵᠡᠩᠨᠡᠯᠲᠡ ᠶᠢᠨ | ᠡᠷᠬᠡ ᠶᠢ ᠰᠢᠯᠵᠢᠭᠦᠯᠦᠭᠰᠡᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠠᠳᠠᠯᠢ ᠨᠥᠬᠦᠴᠡᠯ ᠤᠨ ᠳᠣᠣᠷ᠎ᠠ | ᠳᠠᠭᠠᠭᠠᠴᠢᠯᠠᠯᠲᠠ ᠶᠢᠨ ᠭᠠᠵᠠᠷ ᠰᠢᠷᠣᠢ ᠶᠢ ᠨᠢ ᠲᠡᠷᠡ ᠬᠥᠮᠥᠨ ᠤᠷᠢᠳ ᠢᠶᠠᠷ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠳᠤᠮᠳᠠ ᠲᠣᠪᠣᠶᠢᠮ᠎ᠠ ᠠᠮᠵᠢᠯᠲᠠ ᠭᠠᠷᠭᠠᠭᠰᠠᠨ ᠨᠢᠭᠡᠴᠢ | ᠪᠣᠯᠣᠨ ᠬᠤᠪᠢ ᠬᠥᠮᠥᠨ ᠢ ᠡᠯ᠎ᠡ ᠱᠠᠲᠤᠨ ᠤ ᠵᠠᠰᠠᠭ ᠤᠨ ᠣᠷᠳᠣᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠥᠬᠢᠭᠦᠯᠦᠨ ᠱᠠᠩᠨᠠᠨ᠎ᠠ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ᠶᠡᠭᠡ ᠪᠠᠷ ᠱᠠᠩᠨᠠᠨ᠎ᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤᠮᠳᠠ ᠰᠢᠨ᠎ᠡ ᠮᠡᠷᠭᠡᠵᠢᠯ ᠢ ᠨᠡᠭᠡᠭᠡᠨ ᠬᠥᠭᠵᠢᠭᠦᠯᠵᠦ᠂ ᠰᠢᠨ᠎ᠡ | ᠲᠥᠬᠦᠭᠡᠷᠦᠮᠵᠢ ᠶᠢ ᠬᠡᠷᠡᠭᠯᠡᠭᠰᠡᠨ ᠪᠠᠶᠢᠪᠠᠯ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤᠨᠢ ᠨᠥᠬᠦᠪᠦᠷᠢ ᠥᠭᠬᠦ ᠵᠡᠷᠭᠡ ᠲᠥᠷᠥ ᠶᠢᠨ ᠪᠣᠳᠣᠯᠭ᠎ᠠ ᠪᠠᠷ ᠳᠠᠮᠵᠢᠨ ᠳᠡᠮᠵᠢᠯᠭᠡ ᠦᠵᠡᠭᠦᠯᠦᠨ᠎ᠡ᠃ | ᠬᠤᠶᠠᠷ᠂ ᠡᠯ᠎ᠡ ᠭᠠᠵᠠᠷ ᠤᠨ ᠬᠢᠨ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ | ᠨᠢᠭᠡᠴᠢ ᠪᠣᠯᠣᠨ ᠬᠤᠪᠢ ᠬᠥᠮᠥᠨ ᠢ ᠱᠠᠯᠠᠪᠳᠠᠨ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ | ᠮᠣᠳᠣᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠶᠢ | ᠴᠠᠭᠠᠵᠠᠯᠠᠬᠤ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠡᠯᠴᠢᠭᠡᠷᠯᠡᠭᠦᠯᠬᠦ᠂ ᠳᠤᠷ᠎ᠠ ᠪᠠᠷ ᠢᠶᠠᠨ ᠮᠠᠯᠲᠠᠵᠤ ᠤᠬᠤᠬᠤ᠂ | ᠳᠤᠷ᠎ᠠ ᠪᠠᠷ ᠢᠶᠠᠨ ᠬᠠᠭᠠᠯᠪᠤᠷᠢᠯᠠᠨ ᠡᠵᠡᠯᠡᠬᠦ᠂ ᠳᠤᠷ᠎ᠠ ᠪᠠᠷ ᠢᠶᠠᠨ ᠴᠠᠪᠴᠢᠵᠤ ᠳᠤᠷ᠎ᠠ ᠪᠠᠷ ᠢᠶᠠᠨ ᠣᠭᠲᠣᠯᠬᠤ ᠵᠡᠷᠭᠡ | ᠠᠵᠢᠯᠯᠠᠭ᠎ᠠ ᠶᠢ ᠦᠨᠡᠨ ᠬᠦ ᠵᠣᠭᠰᠤᠭᠠᠬᠤ ᠬᠡᠷᠡᠭᠲᠡᠢ᠃ | ᠭᠤᠷᠪᠠ᠂ ᠡᠯ᠎ᠡ ᠭᠠᠵᠠᠷ ᠤᠨ ᠬᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠨᠡᠭᠡᠭᠡᠯᠲᠡ ᠬᠢᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ ᠵᠢᠭᠠᠯᠲᠠ ᠲᠤᠭ᠎ᠠ ᠪᠠᠷ ᠬᠥᠲᠥᠯᠥᠮᠵᠢ ᠪᠤᠯᠭᠠᠵᠤ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠ ᠰᠢᠨ᠎ᠡ ᠡᠨᠧᠷᠭᠢ ᠶᠢ ᠨᠡᠭᠡᠭᠡᠬᠦ ᠬᠡᠪᠴᠢᠶ᠎ᠡ ᠵᠢᠴᠢ ᠪᠦᠲᠦᠭᠡᠨ | ᠪᠠᠶᠢᠭᠤᠯᠤᠯᠲᠠ ᠶᠢᠨ ᠠᠶᠢᠵᠠᠮ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ | ᠭᠡᠷᠡᠭᠲᠡᠶ︔ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠲᠦᠷᠢᠶᠡᠰᠦᠯᠡᠭᠦᠯᠦᠭᠰᠡᠨ ᠰᠦᠢᠳᠬᠡᠯ ᠢ | ︽ᠤᠨᠠᠯᠲᠠ ᠪᠠᠷ ᠲᠦᠷᠢᠶᠡᠰᠦᠨ ᠮᠥᠩᠭᠦ ᠶᠢ ᠲᠣᠭᠲᠠᠭᠠᠬᠤ︾ ᠭᠡᠯᠪᠡᠷᠢ ᠪᠠᠷ ᠵᠦᠢ ᠵᠣᠬᠢᠰᠲᠠᠢ ᠲᠣᠭᠲᠠᠭᠠᠨ᠎ᠠ᠃ ᠰᠢᠨ᠎ᠡ | ᠡᠨᠧᠷᠭᠢ ᠶᠢᠨ ᠠᠵᠤ ᠠᠬᠤᠶᠢᠯᠠᠯ ᠲᠦᠷᠦᠭᠦᠯᠡᠨ ᠬᠢᠬᠦ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ | ᠦᠢᠯᠡᠳᠬᠦ᠂ ᠠᠮᠢ ᠠᠬᠤᠢ ᠶᠢ ᠵᠠᠰᠠᠬᠤ ᠠᠵᠤ ᠠᠬᠤᠶᠢᠯᠠᠯ ᠵᠢᠴᠢ ᠠᠶᠢᠮᠠᠭ ᠬᠤᠲᠠ ᠶᠢᠨ ᠬᠤᠯᠪᠣᠭᠳᠠᠯ ᠪᠦᠬᠦᠢ ᠠᠵᠤ | ᠠᠬᠤᠶᠢᠯᠠᠯ ᠲᠠᠢ ᠬᠤᠯᠪᠤᠭᠠᠯᠠᠨ ᠬᠤᠯᠪᠣᠭᠠᠲᠤ ᠴᠣᠭᠴᠠ ᠪᠠᠶᠢᠭᠤᠯᠵᠤ᠂ ᠬᠤᠯᠪᠣᠭᠠᠲᠤ ᠴᠣᠭᠴᠠ ᠶᠢᠨ ᠳᠣᠲᠣᠭᠠᠳᠤ ᠳᠤ ᠲᠣᠨᠤᠭ | ᠲᠥᠬᠦᠭᠡᠷᠦᠮᠵᠢ᠂ ᠮᠠᠲ᠋ᠧᠷᠢᠶᠠᠯ᠂ ᠣᠶ ᠰᠢᠭᠤᠢ ᠡᠪᠡᠰᠦᠨ ᠤ ᠦᠷ᠎ᠡ ᠴᠢᠬᠢ ᠵᠡᠷᠭᠡ ᠶᠢ ᠵᠠᠬᠢᠶᠠᠯᠠᠭ᠎ᠠ ᠶᠢᠨ ᠮᠠᠶ᠋ᠢᠭ ᠢᠶᠠᠷ ᠬᠤᠳᠠᠯᠳᠤᠨ | ᠠᠪᠬᠤ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠢ ᠨᠠᠶᠢᠳᠠᠵᠤ ᠪᠦᠲᠦᠭᠡᠨ ᠪᠠᠶᠢᠭᠤᠯᠬᠤ ᠶᠢ ᠰᠦᠪᠡᠭᠴᠢᠯᠡᠵᠦ᠂ | ᠭᠠᠵᠠᠷ ᠰᠢᠷᠣᠢ ᠨᠥᠭᠡᠴᠡᠯᠡᠬᠦ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠡ᠃ ᠡᠯᠡᠰᠦᠷᠬᠡᠭᠵᠢᠭᠰᠡᠨ ᠭᠠᠵᠠᠷ | ᠰᠢᠷᠣᠢ ᠶᠢ ᠵᠠᠰᠠᠬᠤ ᠶᠢᠨ ᠪᠦᠭᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ | ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ | ᠬᠠᠮᠲᠤ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠤᠯᠭᠠᠵᠤ᠂ ᠭᠡᠷ᠎ᠡ ᠶᠢ ᠭᠦᠢᠴᠡᠳᠬᠡᠬᠦ ᠲᠤᠬᠠᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠭᠡᠷ᠎ᠡ ᠠᠴᠠ ᠵᠥᠷᠢᠴᠡᠭᠰᠡᠨ ᠭᠤᠣᠯ ᠴᠣᠭᠴᠠ ᠶᠢ ᠰᠢᠢᠳᠪᠦᠷᠢᠯᠡᠬᠦ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ | ᠳᠥᠷᠪᠡ᠂ ᠡᠯ᠎ᠡ ᠭᠠᠵᠠᠷ ᠤᠨ ᠬᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠡᠯᠪᠡᠷᠢ ᠪᠠᠷ | ᠳᠠᠮᠵᠢᠭᠤᠯᠤᠨ ᠵᠠᠰᠠᠯᠲᠠ ᠶᠢᠨ ᠭᠤᠣᠯ ᠴᠣᠭᠴᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠢ | ᠲᠣᠭᠲᠠᠭᠠᠵᠤ᠂ ᠵᠠᠰᠠᠬᠤ ᠳᠦᠷᠢᠮ ᠪᠣᠯᠣᠨ ᠪᠠᠷᠢᠮᠵᠢᠶ᠎ᠠ ᠪᠠᠨ ᠤᠷᠢᠳᠴᠢᠯᠠᠨ ᠲᠣᠳᠣᠷᠬᠠᠶᠢᠯᠠᠵᠤ᠂ ᠳᠠᠭᠠᠭᠠᠴᠢᠯᠠᠯᠲᠠ ᠬᠦᠯᠢᠶᠡᠬᠦ | ᠦᠨ᠎ᠡ ᠬᠠᠩᠰᠢ ᠶᠢᠨ ᠥᠷᠢᠰᠦᠯᠳᠦᠭᠡᠨ ᠤ ᠲᠣᠭᠲᠠᠴᠠ ᠶᠢ ᠣᠷᠣᠭᠤᠯᠵᠤ᠂ ᠳᠠᠭᠠᠭᠠᠴᠢᠯᠠᠯᠲᠠ ᠣᠨᠤᠬᠤ ᠭᠤᠣᠯ ᠴᠣᠭᠴᠠ ᠶᠢ | ᠬᠠᠷᠢᠴᠠᠭᠤᠯᠤᠨ ᠰᠣᠩᠭᠤᠵᠤ ᠲᠣᠭᠲᠠᠭᠠᠵᠤ ᠪᠤᠯᠤᠨ᠎ᠠ︔ ᠳᠠᠭᠠᠭᠠᠴᠢᠯᠠᠯᠲᠠ ᠣᠨᠤᠬᠴᠢ ᠠᠴᠠ ᠵᠠᠰᠠᠯᠲᠠ ᠶᠢᠨ ᠲᠥᠰᠥᠯ ᠢ | ᠴᠢᠩᠭ᠎ᠠ ᠵᠢᠷᠤᠮᠯᠠᠨ ᠵᠠᠰᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠶᠢ | ᠳᠡᠮᠵᠢᠵᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠶᠢᠴᠢᠯᠠᠬᠤ | ᠬᠡᠷᠡᠭᠲᠡᠢ᠃ ︽ᠤᠷᠢᠳ ᠢᠶᠠᠷ ᠳᠠᠭᠠᠭᠠᠴᠢᠯᠠᠯᠲᠠ ᠵᠠᠷᠯᠠᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠢᠳᠡᠪᠬᠢᠲᠡᠢ | ᠰᠦᠪᠡᠭᠴᠢᠯᠡᠵᠦ᠂ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠨᠡᠶᠢᠴᠡᠬᠦ ᠮᠥᠷᠲᠡᠭᠡᠨ ᠨᠢᠭᠡᠨᠲᠡ | ᠭᠤᠶᠤᠴᠢᠯᠠᠨ ᠮᠡᠳᠡᠭᠦᠯᠵᠦ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠤᠯᠤᠰ ᠤᠨ ᠪᠡᠯᠡ ᠣᠷᠣᠭᠤᠯᠤᠯᠲᠠ ᠶᠢᠨ | ᠲᠥᠯᠥᠪᠯᠡᠭᠡ ᠶᠢ ᠪᠠᠭᠤᠯᠭᠠᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠤᠷᠢᠳ ᠢᠶᠠᠷ | ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠵᠥᠪᠰᠢᠶᠡᠷᠡᠨ᠎ᠡ᠃ | ᠲᠠᠪᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ | ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠶᠢᠨ 10% ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ ᠠᠵᠢᠯᠴᠢᠨ | ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠭᠦᠳᠡᠯᠮᠦᠷᠢ ᠦᠢᠯᠡᠴᠢᠯᠡᠭᠡᠨ ᠤ ᠨᠡᠩ ᠣᠯᠠᠨ ᠬᠥᠯᠥᠰᠦ | ᠣᠯᠭᠤᠮᠵᠢ ᠣᠯᠭᠤᠨ᠎ᠠ᠃ | ᠵᠢᠷᠭᠤᠭ᠎ᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠤᠷᠢᠳ ᠢᠶᠠᠷ ᠪᠠᠶᠢᠭᠤᠯᠵᠤ | ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠰᠦᠪᠡᠭᠴᠢᠯᠡᠵᠦ᠂ ᠬᠤᠰᠢᠭᠤ ᠰᠢᠶᠠᠨ ᠠᠴᠠ ᠭᠤᠶᠤᠴᠢᠯᠠᠵᠤ᠂ ᠠᠶᠢᠮᠠᠭ ᠬᠤᠲᠠ ᠠᠴᠠ | ᠬᠢᠨᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠤᠨ ᠳᠠᠩᠰᠠᠯᠠᠭᠤᠯᠤᠭᠰᠠᠨ ᠤ ᠳᠠᠷᠠᠭ᠎ᠠ᠂ | ᠵᠠᠰᠠᠯᠲᠠ ᠶᠢᠨ ᠭᠤᠣᠯ ᠴᠣᠭᠴᠠ ᠨᠢ ᠥᠪᠡᠷ ᠲᠡᠭᠡᠨ ᠪᠡᠯᠡ ᠮᠥᠩᠭᠦ ᠴᠤᠭᠯᠠᠭᠤᠯᠵᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ | ᠶᠢ ᠵᠠᠰᠠᠬᠤ ᠠᠵᠢᠯ ᠢ ᠤᠷᠢᠳ ᠢᠶᠠᠷ ᠥᠷᠨᠢᠭᠦᠯᠵᠦ᠂ ᠰᠡᠭᠦᠯᠴᠢ ᠶᠢᠨ ᠬᠤᠭᠤᠴᠠᠭᠠᠨ ᠳᠤ ᠮᠡᠳᠡᠭᠦᠯᠬᠦ ᠲᠥᠷᠥᠯ ᠵᠦᠢᠯ ᠳᠤ | ᠣᠷᠣᠭᠤᠯᠵᠤ᠂ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂ ᠬᠢᠨᠠᠨ ᠰᠢᠯᠭᠠᠬᠤ ᠪᠠᠷ ᠳᠠᠮᠵᠢᠭᠠᠳ ᠨᠥᠬᠦᠪᠦᠷᠢ ᠶᠢᠨ ᠪᠡᠯᠡ | ᠮᠥᠩᠭᠦ ᠶᠢ ᠨᠢ ᠰᠣᠯᠢᠵᠤ ᠥᠭᠴᠦ ᠪᠣᠯᠣᠨ᠎ᠠ᠃ ᠣᠲᠤᠭ ᠬᠤᠰᠢᠭᠤ ᠵᠡᠷᠭᠡ ᠭᠠᠵᠠᠷ ᠤᠨ ︽ᠤᠷᠢᠳ ᠢᠶᠠᠷ ᠪᠠᠶᠢᠭᠤᠯᠵᠤ ᠳᠠᠷᠠᠭ᠎ᠠ | ᠨᠢ ᠨᠥᠬᠦᠪᠦᠷᠢᠯᠡᠬᠦ︾ ᠵᠠᠭᠪᠤᠷ ᠢ ᠲᠡᠭᠦᠯᠳᠡᠷᠵᠢᠭᠦᠯᠬᠦ ᠶᠢ ᠳᠡᠮᠵᠢᠨ᠎ᠡ᠃ | ᠳᠣᠯᠤᠭ᠎ᠠ᠂ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠢ ᠳᠡᠭᠡᠷ᠎ᠡ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠵᠠᠭᠪᠤᠷ ᠢᠶᠠᠷ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠲᠥᠷᠥᠯ ᠵᠦᠢᠯ ᠳᠤ᠂ ᠮᠠᠯᠴᠢᠨ ᠲᠠᠷᠢᠶᠠᠴᠢᠳ ᠤᠨ ᠥᠪᠡᠷ ᠲᠡᠭᠡᠨ ᠪᠠᠶᠢᠭᠤᠯᠬᠤ᠂ ᠡᠷᠦᠭᠡ ᠬᠤᠯᠪᠤᠭᠠᠯᠠᠨ ᠬᠠᠮᠲᠤᠷᠠᠨ | ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠶᠢᠭᠤᠯᠬᠤ | ᠵᠡᠷᠭᠡ ᠭᠡᠯᠪᠡᠷᠢ ᠪᠠᠷ ᠰᠠᠶᠢᠨ ᠳᠤᠷ᠎ᠠ ᠠᠴᠠ ᠪᠠᠨ ᠮᠡᠳᠡᠭᠦᠯᠬᠦ᠂ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ᠂ ᠮᠠᠯᠴᠢᠨ | ᠲᠠᠷᠢᠶᠠᠴᠢᠨ ᠤ ᠥᠪᠡᠷ ᠲᠡᠭᠡᠨ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠰᠢᠭᠤᠳ ᠣᠯᠭᠤᠵᠤ ᠪᠣᠯᠣᠨ᠎ᠠ᠃ | ᠨᠠᠢᠮᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠵᠠᠰᠠᠭ ᠤᠨ | ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠥᠷᠥᠯ ᠤᠨ ᠠᠵᠤ | ᠠᠬᠤᠶᠢᠯᠠᠯ᠂ ᠨᠡᠶᠢᠭᠡᠮ ᠤᠨ ᠪᠦᠯᠭᠦᠮ᠂ ᠬᠤᠪᠢ ᠬᠥᠮᠥᠨ ᠢ ᠳᠠᠶᠢᠴᠢᠯᠠᠨ ᠵᠣᠭᠤᠰ ᠮᠥᠩᠭᠦ ᠬᠠᠨᠳᠢᠪᠯᠡᠵᠤ᠂ ᠰᠠᠭᠤᠷᠢ ᠮᠥᠩᠭᠦ ᠶᠢᠨ | ᠬᠡᠪᠴᠢᠶ᠎ᠡ ᠶᠢ ᠥᠷᠭᠡᠳᠬᠡᠨ᠂ ᠠᠵᠢᠯᠯᠠᠭᠠᠨ ᠤ ᠲᠣᠭᠲᠠᠴᠠ ᠪᠣᠯᠣᠨ ᠬᠠᠮᠢᠶᠠᠷᠤᠯᠲᠠ ᠶᠢᠨ ᠬᠡᠪ ᠵᠠᠭᠪᠤᠷ ᠢ ᠲᠡᠭᠦᠯᠳᠡᠷᠵᠢᠭᠦᠯᠵᠦ᠂ | ᠮᠥᠩᠭᠦ ᠨᠢᠭᠡ ᠪᠦᠷᠢ ᠶᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | ᠶᠢᠰᠦ᠂ ᠡᠯ᠎ᠡ ᠭᠠᠵᠠᠷ ᠤᠨ ᠬᠢᠨ ᠤ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠬᠠᠮᠲᠤᠷᠠᠯᠴᠠᠬᠤ᠂ ᠬᠤᠪᠢ ᠣᠷᠣᠬᠤ᠂ ᠳᠠᠭᠠᠭᠠᠴᠢᠯᠠᠬᠤ᠂ ᠨᠡᠷ᠎ᠡ ᠬᠠᠳᠠᠬᠤ᠂ | ᠡᠷᠭᠦᠨ ᠲᠡᠵᠢᠭᠡᠬᠦ᠂ ᠬᠠᠨᠳᠤᠯᠭ᠎ᠠ ᠲᠠᠢ ᠪᠠᠷ ᠬᠠᠨᠳᠢᠪᠯᠡᠨ ᠬᠦᠷᠭᠡᠬᠦ ᠵᠡᠷᠭᠡ ᠣᠯᠠᠨ ᠵᠦᠢᠯ ᠤᠨ ᠭᠡᠯᠪᠡᠷᠢ ᠶᠢ ᠠᠪᠴᠤ ︽ᠤᠮᠠᠷᠠᠲᠤ | ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠨᠡᠶᠢᠭᠡᠮ ᠤᠨ | ᠬᠥᠷᠥᠩᠭᠡ ᠠᠴᠠ ᠪᠡᠯᠡ ᠣᠷᠣᠭᠤᠯᠤᠭᠰᠠᠨ᠂ ᠤᠯᠤᠰ ᠠᠴᠠ ᠳᠡᠮᠵᠢᠬᠦ ᠴᠢᠭᠯᠡᠯ ᠳᠤ ᠨᠡᠶᠢᠴᠡᠭᠰᠡᠨ ᠣᠢ ᠰᠢᠭᠤᠢ ᠨᠤᠲᠤᠭ | ᠪᠡᠯᠴᠢᠭᠡᠷ ᠤᠨ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠳᠤ᠂ ᠵᠠᠰᠠᠯᠲᠠ ᠶᠢᠨ ᠭᠤᠣᠯ ᠴᠣᠭᠴᠠ ᠶᠢ | ᠢᠳᠡᠪᠬᠢᠲᠡᠢ ᠪᠠᠷ ᠬᠠᠪᠰᠤᠷᠴᠤ ᠤᠯᠤᠰ ᠠᠴᠠ ᠬᠤᠯᠪᠣᠭᠳᠠᠯ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠲᠡᠮᠡᠴᠡᠨ ᠣᠯᠬᠤ ᠪᠠᠷ | ᠴᠢᠷᠮᠠᠶᠢᠨ᠎ᠠ᠃ | ᠠᠷᠪᠠ᠂ ᠨᠤᠲᠤᠭ ᠪᠡᠯᠴᠢᠭᠡᠷ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠶ ᠰᠢᠭᠤᠢ ᠶᠢᠨ | ᠳᠠᠭᠠᠳᠬᠠᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠳᠠᠯᠳᠤᠭᠠᠨ ᠤ | ᠴᠢᠨᠠᠷᠲᠠᠢ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠳᠠᠭᠠᠳᠬᠠᠯ ᠢ ᠰᠦᠪᠡᠭᠴᠢᠯᠡᠨ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠦᠶᠡᠯᠡᠯ ᠤᠨ | ᠬᠤᠭᠤᠴᠠᠭ᠎ᠠ ᠨᠢ ᠤᠷᠳᠤ᠂ ᠬᠦᠦ ᠮᠥᠩᠭᠦ ᠶᠢᠨ ᠨᠣᠷᠮ᠎ᠠ ᠨᠢ ᠳᠣᠣᠷ᠎ᠠ᠂ ᠪᠠᠷᠢᠴᠠᠭᠠᠯᠠᠨ ᠳᠠᠨᠵᠢᠯᠠᠭᠰᠠᠨ ᠪᠣᠳᠠᠰ ᠪᠠ ᠵᠢᠭᠡᠯᠡᠯᠭᠡ | ᠶᠢ ᠪᠤᠴᠠᠭᠠᠬᠤ ᠭᠡᠯᠪᠡᠷᠢ ᠨᠢ ᠠᠮᠢᠳᠤᠯᠢᠭ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠤᠯᠪᠣᠭᠳᠠᠯ | ᠪᠦᠬᠦᠢ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠡᠯ᠎ᠡ ᠭᠠᠵᠠᠷ ᠤᠨ ᠬᠢᠨ ᠢ ᠵᠣᠷᠢᠭᠵᠢᠭᠤᠯᠤᠨ | ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ ᠶᠢ ᠢᠳᠡᠪᠬᠢᠯᠡᠨ ᠣᠯᠵᠤ᠂ ᠡᠯᠡᠰᠦ ᠶᠢ ᠵᠠᠰᠠᠭᠰᠠᠨ ᠠᠰᠢᠭ ᠣᠯᠵᠠᠪᠤᠷᠢ ᠪᠠᠷ | ᠵᠢᠭᠡᠯᠡᠯᠭᠡ ᠶᠢ ᠪᠤᠴᠠᠭᠠᠬᠤ ᠬᠡᠪ ᠵᠠᠭᠪᠤᠷ ᠢ ᠰᠦᠪᠡᠭᠴᠢᠯᠡᠨ᠎ᠡ᠃ | ᠠᠷᠪᠠᠨ ᠨᠢᠭᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠲᠥᠷᠥ ᠶᠢᠨ ᠪᠣᠳᠣᠯᠭ᠎ᠠ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ ᠲᠠᠯ᠎ᠠ ᠪᠠᠷ | ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ᠂ ᠣᠶ ᠶᠢᠨ ᠳᠣᠲᠣᠷᠠᠬᠢ ᠠᠵᠤ ᠠᠬᠤᠢ᠂ ᠲᠥᠬᠦᠭᠡᠷᠦᠮᠵᠢᠲᠦ | ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ ᠶᠢ ᠶᠡᠭᠡ ᠪᠠᠷ ᠬᠥᠭᠵᠢᠭᠦᠯᠦᠨ᠂ ᠣᠨᠴᠠᠯᠢᠭᠲᠤ ᠠᠵᠤ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠵᠤ ᠠᠬᠤᠶᠢᠯᠠᠯ ᠤᠳ ᠢ ᠵᠣᠷᠢᠭᠵᠢᠭᠤᠯᠤᠨ ᠡᠯᠡᠰᠦᠨ ᠤᠷᠭᠤᠮᠠᠯ ᠤᠨ ᠠᠵᠤ | ᠠᠬᠤᠢ ᠶᠢᠨ ᠥᠷᠲᠡᠭ ᠢ ᠭᠦᠢᠴᠡᠳ ᠠᠭᠤᠳᠠᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ | ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ | ᠠᠷᠪᠠᠨ ᠬᠤᠶᠠᠷ᠂ ᠨᠡᠭᠦᠷᠡᠰᠦᠲᠥ᠋ᠷᠥᠭᠴᠢ ᠬᠤᠷᠠᠮᠳᠤᠭᠤᠯᠵᠤ ᠣᠶᠢᠵᠢᠭᠤᠯᠬᠤ ᠶᠢ ᠢᠳᠡᠪᠬᠢᠲᠡᠢ ᠳᠡᠯᠭᠡᠷᠡᠭᠦᠯᠵᠦ᠂ | ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯᠲᠤ ᠲᠣᠭᠲᠠᠴᠠ ᠳᠣᠣᠷ᠎ᠠ ᠣᠶ ᠰᠢᠭᠤᠢ ᠡᠪᠡᠰᠦ ᠪᠡᠯᠴᠢᠭᠡᠷ ᠤᠨ | ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠦᠲᠦᠭᠡᠭᠳᠡᠬᠦᠨ ᠢ ᠰᠢᠩᠭᠡᠭᠡᠬᠦ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢ ᠵᠣᠷᠢᠭᠵᠢᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠣᠶ ᠶᠢ ᠪᠤᠶ ᠪᠤᠯᠭᠠᠬᠤ | ᠵᠡᠷᠭᠡ ᠭᠡᠯᠪᠡᠷᠢ ᠪᠠᠷ ᠳᠠᠮᠵᠢᠭᠤᠯᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ | ᠪᠠᠶᠢᠭᠤᠯᠭ᠎ᠠ᠂ ᠬᠦᠷᠢᠶᠡᠯᠡᠩ ᠲᠣᠭᠤᠷᠢᠭ ᠢ ᠪᠤᠶ ᠪᠤᠯᠭᠠᠨ᠎ᠠ︔ ᠠᠵᠤ ᠠᠬᠤᠶᠢᠯᠠᠯ ᠤᠨ ᠤᠯᠤᠰ ᠤᠨ ᠬᠢᠨᠠᠨ ᠵᠥᠪᠰᠢᠶᠡᠷᠡᠭᠰᠡᠨ | ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠬᠤ ︵CCER︶ ᠨᠡᠭᠦᠷᠡᠰᠦᠲᠥ᠋ᠷᠥᠭᠴᠢ | ᠬᠤᠷᠠᠮᠳᠤᠭᠤᠯᠬᠤ ᠲᠥᠷᠥᠯ ᠵᠦᠢᠯ ᠢᠶᠠᠷ ᠣᠶᠢᠵᠢᠭᠤᠯᠬᠤ ᠶᠢ ᠳᠡᠮᠵᠢᠵᠦ᠂ ᠨᠢᠭᠡ ᠪᠦᠯᠦᠭ ᠨᠡᠭᠦᠷᠡᠰᠦᠲᠥ᠋ᠷᠥᠭᠴᠢ | ᠬᠤᠷᠠᠮᠳᠤᠭᠤᠯᠬᠤ ᠣᠶ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠰᠠᠭᠤᠷᠢᠨ ᠢ ᠪᠤᠶ ᠪᠣᠯᠭᠠᠨ᠎ᠠ᠃ | ᠠᠷᠪᠠᠨ ᠭᠤᠷᠪᠠ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠠᠷᠠᠳ ᠤᠨ ᠪᠠᠩᠬᠢ ᠶᠢᠨ ᠲᠤᠰᠬᠠᠢ ᠬᠡᠷᠡᠭᠯᠡᠬᠦ ᠪᠡᠯᠡ | ᠮᠥᠩᠭᠦ ᠶᠢᠨ ᠳᠠᠩᠰᠠᠨ ᠡᠷᠦᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠲᠤᠰᠠᠭᠠᠷ ᠰᠠᠯᠭᠠᠨ ᠥᠭᠬᠦ | ᠲᠣᠭᠲᠠᠴᠠ ᠶᠢ ᠪᠠᠶᠢᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢᠨ ᠭᠤᠣᠯ | ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠷ᠎ᠡ ᠪᠠ ᠴᠢᠬᠢ ᠮᠣᠳᠣ ᠶᠢ ᠪᠠᠲᠤᠯᠠᠬᠤ ᠪᠠ ᠵᠠᠰᠠᠬᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ | ᠪᠣᠯᠣᠨ ᠨᠤᠲᠤᠭ ᠤᠨ ᠡᠪᠡᠰᠦᠨ ᠦᠷ᠎ᠡ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠬᠡᠷᠡᠭᠲᠡᠢ᠄ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠬᠠᠢ ᠶᠢᠨ ᠭᠠᠵᠠᠷ ᠣᠶᠢᠷ᠎ᠠ | ᠬᠠᠪᠢ ᠠᠴᠠ ᠪᠠᠨ ᠮᠠᠲ᠋ᠧᠷᠢᠶᠠᠯ ᠠᠪᠴᠤ᠂ ᠡᠯᠡᠰᠦ ᠶᠢ ᠵᠠᠰᠠᠬᠤ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠬᠤ ᠬᠡᠷᠡᠭᠲᠡᠢ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ | ᠴᠠᠭᠢᠯᠭᠠᠨ ᠬᠡᠷᠡᠭᠯᠡᠬᠦ ᠵᠡᠷᠭᠡ ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠢ | ᠵᠣᠷᠢᠭᠵᠢᠭᠤᠯᠤᠨ ᠬᠤᠪᠠᠭ᠋ᠠᠢ ᠡᠯᠡᠰᠦᠷᠬᠡᠭ ᠭᠠᠵᠠᠷ᠂ ᠲᠠᠴᠢᠷᠳᠠᠭᠰᠠᠨ ᠣᠶᠢᠲᠤ ᠭᠠᠵᠠᠷ ᠪᠣᠯᠣᠨ ᠲᠠᠴᠢᠷᠳᠠᠭᠰᠠᠨ᠂ | ᠡᠯᠡᠰᠦᠷᠬᠡᠭᠵᠢᠭᠰᠡᠨ᠂ ᠬᠤᠵᠢᠷᠰᠢᠭᠰᠠᠨ ᠨᠤᠲᠤᠭ ᠪᠡᠯᠴᠢᠭᠡᠷ ᠢ ᠬᠤᠳᠠᠯᠳᠤᠨ ᠠᠪᠴᠤ ᠨᠥᠭᠡᠴᠡᠯᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠬᠡᠪᠴᠢᠶᠡᠵᠢᠭᠦᠯᠦᠨ ᠵᠠᠰᠠᠬᠤ ᠶᠢ ᠥᠷᠨᠢᠭᠦᠯᠬᠦ ᠬᠡᠷᠡᠭᠲᠡᠢ᠃ | ᠠᠷᠪᠠᠨ ᠳᠥᠷᠪᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠠᠷᠭ᠎ᠠ ᠬᠡᠮᠵᠢᠶ᠎ᠡ ᠠᠪᠤᠭᠰᠠᠨ ᠢᠶᠠᠷ ᠬᠦᠴᠦᠨ ᠦᠭᠡᠢ ᠨᠢᠭᠡᠴᠢ | ᠪᠣᠯᠣᠨ ᠬᠤᠪᠢ ᠬᠥᠮᠥᠨ ᠳᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠭᠤᠯᠬᠤ᠂ ᠵᠣᠭᠤᠰ ᠢᠶᠠᠷ ᠲᠣᠷᠭᠠᠬᠤ᠂ | ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠢ ᠡᠭᠡᠭᠦᠯᠦᠨ ᠬᠤᠷᠢᠶᠠᠨ ᠠᠪᠬᠤ ᠵᠡᠷᠭᠡ ᠠᠷᠭ᠎ᠠ | ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠭᠡᠷᠡᠭᠲᠡᠶ︔ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠭᠡᠷ᠎ᠡ | ᠲᠣᠭᠲᠠᠴᠢᠬᠠᠭᠠᠳ ᠵᠠᠰᠠᠬᠤ ᠶᠣᠰᠣᠲᠠᠢ ᠪᠠᠶᠢᠲᠠᠯ᠎ᠠ ᠵᠠᠰᠠᠭᠰᠠᠨ ᠦᠭᠡᠢ ᠪᠤᠶᠤ ᠬᠡᠷᠡᠭᠴᠡᠭᠡ ᠶᠢ ᠨᠢ ᠬᠤᠪᠢᠷᠠᠭᠤᠯᠤᠭᠰᠠᠨ ᠪᠣᠯ | ᠬᠠᠤᠯᠢ ᠶᠣᠰᠣᠭᠠᠷ ᠭᠡᠷ᠎ᠡ ᠶᠢ ᠨᠢ ᠵᠣᠭᠰᠣᠭᠠᠵᠤ᠂ ᠭᠠᠵᠠᠷ ᠰᠢᠷᠣᠢ ᠶᠢ ᠨᠢ ᠬᠤᠷᠢᠶᠠᠨ ᠠᠪᠬᠤ ᠬᠡᠷᠡᠭᠲᠡᠢ᠃ ᠮᠠᠯ ᠪᠡᠯᠴᠢᠭᠡᠷ ᠤᠨ | ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠳᠦᠷᠢᠮ ᠢ ᠰᠠᠶᠢᠲᠤᠷ | ᠨᠠᠶᠢᠳᠠᠪᠤᠷᠢᠵᠢᠭᠤᠯᠤᠭᠰᠠᠨ ᠦᠭᠡᠢ ᠨᠢᠭᠡᠴᠢ ᠪᠠ ᠬᠤᠪᠢ ᠬᠥᠮᠥᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠠᠴᠠ ᠨᠢ ᠰᠠᠭᠤᠯᠭᠠᠨ ᠠᠪᠴᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ | ᠪᠡᠯᠴᠢᠭᠡᠷ ᠢ ᠠᠮᠠᠷᠠᠭᠤᠯᠬᠤ ᠳᠦᠷᠢᠮ︾ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ | ᠵᠣᠭᠤᠰ ᠢᠶᠠᠷ ᠲᠣᠷᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠨᠢ ᠰᠡᠷᠭᠦᠭᠡᠵᠦ᠂ ᠬᠤᠭᠤᠴᠠᠭ᠎ᠠ ᠲᠣᠭᠲᠠᠭᠠᠨ | ᠵᠠᠯᠠᠷᠠᠭᠤᠯᠬᠤ ᠵᠡᠷᠭᠡ ᠰᠢᠢᠳᠬᠡᠯ ᠲᠣᠷᠭᠠᠭᠤᠯᠢ ᠥᠭᠬᠦ ᠬᠡᠷᠡᠭᠲᠡᠢ᠃ ᠥᠪᠡᠷ ᠢᠶᠠᠨ ᠵᠠᠰᠠᠵᠤ ᠳᠡᠶᠢᠯᠭᠦ ᠦᠭᠡᠢ ᠮᠥᠷᠲᠡᠭᠡᠨ | ᠪᠤᠰᠤᠳ ᠲᠤ ᠨᠠᠶᠢᠳᠠᠵᠤ ᠵᠠᠰᠠᠭᠤᠯᠬᠤ ᠦᠭᠡᠢ ᠪᠤᠶᠤ ᠬᠠᠮᠲᠤ ᠪᠠᠷ ᠵᠠᠰᠠᠬᠤ ᠳᠤ ᠬᠠᠮᠵᠢᠯᠴᠠᠬᠤ ᠦᠭᠡᠢ ᠨᠢᠭᠡᠴᠢ ᠪᠠ ᠬᠤᠪᠢ | ᠬᠥᠮᠥᠨ ᠢ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ᠃ | ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ | ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠵᠢᠷᠤᠮᠵᠢᠭᠤᠯᠵᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ᠂ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ᠂ | ᠲᠠᠩᠰᠠᠨ ᠳᠠᠬᠢ ᠵᠣᠭᠤᠰ ᠢ ᠥᠷᠢᠲᠦᠬᠦ ᠵᠡᠷᠭᠡ ᠠᠰᠠᠭᠤᠳᠠᠯ ᠢ ᠭᠠᠷᠭᠠᠵᠤ ᠪᠤᠯᠬᠤ ᠦᠭᠡᠢ᠃ |