ᠵᠡᠭᠦᠨ ᠬᠡᠰᠡᠭ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢ ᠤᠯᠠᠭᠠᠨᠬᠠᠳᠠ ᠬᠤᠲᠠ ᠳᠤ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/7/11
      2024 ᠣᠨ ᠤ 7 ᠰᠠᠷ᠎ᠠ ᠶᠢᠨ 8 ᠤ ᠡᠳᠦᠷ︱12 ᠤᠨ ᠡᠳᠦᠷ᠂ ᠪᠦᠬᠦ ᠣᠷᠣᠨ ᠤ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ︵ᠵᠡᠭᠦᠨ ᠬᠡᠰᠡᠭ ᠭᠠᠵᠠᠷ ᠣᠷᠣᠨ︶ ᠶᠢ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠲᠤ ᠡᠷᠬᠢᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ 5 ᠠᠶᠢᠮᠠᠭ ᠬᠤᠳᠠ ᠠᠴᠠ ᠢᠷᠡᠭᠰᠡᠨ 100 ᠭᠠᠷᠤᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠪᠣᠯᠪᠠᠰᠤᠷᠠᠭᠤᠯᠤᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠥᠭᠡᠷᠡᠴᠢᠯᠡᠯᠲᠡ ᠪᠣᠯᠣᠨ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠭᠠᠵᠠᠷ ᠤᠨ ᠳᠠᠷᠤᠭ᠎ᠠ ᠬᠤᠤ ᠴᠢ ᠸᠧᠨ ᠪᠣᠯᠪᠠᠰᠤᠷᠠᠭᠤᠯᠤᠯ ᠤᠨ ᠠᠩᠭᠢ ᠡᠬᠢᠯᠡᠬᠦ ᠶᠣᠰᠣᠯᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠢ ᠠᠵᠤ ᠠᠬᠤᠶᠢᠴᠢ ᠯᠢ ᠵᠢᠶᠦ᠋ᠨ ᠵᠢᠯᠤᠭᠤᠳᠬᠤ ᠶᠠᠷᠢᠶ᠎ᠠ ᠲᠠᠯᠪᠢᠵᠠᠢ᠃
69.1.jpg
69.2.jpg
69.3.jpg
69.4.jpg
           ᠲᠣᠰ ᠤᠳᠠᠭᠠᠨ ᠤ ᠪᠣᠯᠪᠠᠰᠤᠷᠠᠭᠤᠯᠤᠯ ᠢ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠵᠤᠷᠭᠠᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠵᠢᠯᠴᠠᠨ ᠡᠷᠬᠢᠯᠡᠵᠡᠢ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠰᠢᠨ᠎ᠡ ᠶᠢ ᠡᠭᠦᠳᠬᠦ ᠬᠡᠯᠪᠡᠷᠢ ᠳᠤ ᠮᠠᠯᠴᠢᠨ ᠲᠠᠷᠢᠶᠠᠴᠢᠨ ᠤ ᠬᠤᠷᠰᠢᠶᠠᠵᠢᠯ ᠤᠨ ᠵᠢᠷᠤᠮᠵᠢᠭᠰᠠᠨ ᠬᠠᠮᠢᠶᠠᠷᠤᠯᠲᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ︽ᠨᠢᠭᠡ ᠨᠣᠮᠧᠷ ᠢ ᠨᠡᠪᠲᠡᠷᠡᠭᠦᠯᠬᠦ︾᠂ ᠬᠠᠪᠰᠤᠷᠤᠨ ᠵᠢᠯᠣᠭᠤᠳᠤᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ᠂ ︽ᠮᠢᠩᠭᠠᠨ ᠬᠥᠮᠥᠨ ᠢᠶᠠᠷ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠬᠢᠴᠢᠶᠡᠯ ᠲᠣᠬᠢᠷᠠᠭᠤᠯᠵᠠᠢ᠃ ᠪᠣᠯᠪᠠᠰᠤᠷᠠᠭᠤᠯᠤᠯ ᠡᠬᠢᠯᠡᠬᠦ  ᠠᠴᠠ ᠡᠮᠦᠨ᠎ᠡ ᠤᠷᠢᠳᠴᠢᠯᠠᠨ ᠰᠤᠷᠤᠯᠴᠠᠬᠤ᠂ ᠪᠣᠯᠪᠠᠰᠤᠷᠠᠭᠤᠯᠤᠯ ᠡᠬᠢᠯᠡᠭᠰᠡᠨ ᠤ ᠳᠠᠷᠠᠭᠠᠬᠢ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠤᠬᠠᠢ ᠶᠢᠨ ᠲᠠᠯᠠᠪᠤᠷ ᠲᠤ ᠰᠤᠳᠤᠯᠤᠨ ᠰᠤᠷᠤᠯᠴᠠᠬᠤ᠂ ᠬᠡᠷᠡᠭ ᠤᠨ ᠵᠢᠱᠢᠶ᠎ᠡ ᠶᠢ ᠬᠤᠪᠢᠶᠠᠨ ᠡᠳ᠋ᠯᠡᠬᠦ᠂ ᠭᠤᠣᠯ ᠰᠡᠳᠦᠪᠲᠦ ᠰᠤᠳᠤᠯᠤᠨ ᠶᠠᠷᠢᠯᠴᠠᠬᠤ ᠪᠠ ᠦᠷ᠎ᠡ ᠪᠦᠲᠦᠭᠡᠯ ᠤᠨ ᠦᠵᠡᠭᠦᠯᠭᠡ ᠲᠠᠶᠢᠯᠪᠤᠷᠢᠯᠠᠯᠲᠠ ᠵᠡᠷᠭᠡ ᠣᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠬᠤ ᠰᠤᠷᠤᠭᠴᠢᠳ ᠤᠨ ᠲᠥᠷᠥ ᠶᠢᠨ ᠪᠣᠳᠣᠯᠭ᠎ᠠ ᠣᠨᠣᠯ ᠤᠨ ᠰᠠᠭᠤᠷᠢ ᠶᠢ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠨ ᠢᠶᠠᠷ ᠰᠠᠭᠤᠷᠢ ᠪᠣᠯᠭᠠᠨ ︽ᠮᠢᠩᠭᠠᠨ ᠬᠥᠮᠥᠨ ᠢᠶᠠᠷ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠠᠢ᠃
69.5.jpg
69.6.jpg
      2022 ᠣᠨ ᠳᠤ ︽ᠲᠠᠷᠢᠶᠠᠯᠠᠭᠴᠢᠳ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾  ᠶᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠪᠣᠯᠪᠠᠰᠤᠷᠠᠭᠤᠯᠤᠯ ᠤᠨ ᠠᠩᠭᠢ ᠶᠢ ᠨᠡᠶᠢᠳᠡ 40 ᠬᠤᠭᠤᠴᠠᠭ᠎ᠠ ᠡᠷᠬᠢᠯᠡᠵᠦ᠂ ᠪᠣᠯᠪᠠᠰᠤᠷᠠᠭᠤᠯᠤᠯ ᠬᠦᠷᠲᠡᠭᠰᠡᠳ ᠢ 2400 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠲᠠᠢ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠪᠠ ᠬᠠᠪᠰᠤᠷᠤᠨ ᠵᠢᠯᠣᠭᠤᠳᠤᠭᠴᠢ ᠶᠢ ᠬᠥᠮᠥᠵᠢᠭᠦᠯᠵᠦ᠂ ᠪᠦᠬᠦ ᠣᠷᠣᠨ ᠤ ᠡᠯ᠎ᠡ ᠲᠦᠷᠦᠯ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠢᠷᠤᠮᠵᠢᠯ ᠲᠠᠢ ᠬᠥᠭᠵᠢᠯᠲᠡ ᠶᠢ ᠤᠯᠠᠮ ᠴᠢᠨᠠᠭᠰᠢᠳᠠ ᠳᠠᠶᠢᠴᠢᠯᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号