ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ ᠤᠨ ᠠᠵᠢᠯᠯᠠᠬᠤ ᠳᠤᠭᠤᠶᠢᠯᠠᠩ ᠤᠯᠠᠭᠠᠨᠬᠠᠳᠠ ᠬᠤᠲᠠ ᠳᠤ ᠬᠦᠷᠴᠦ ᠲᠣᠰᠬᠤᠨ ᠤ ᠬᠠᠮᠲᠤ ᠶᠢᠨ ︽ᠭᠤᠷᠪᠠᠨ ᠪᠡᠯᠡ ᠮᠥᠩᠭᠦ︾ ᠶᠢᠨ ᠲᠤᠰᠬᠠᠢ ᠴᠡᠭᠴᠡᠯᠡᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/11
      7 ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ ᠤᠨ ᠶᠡᠷᠦᠩᠬᠡᠢ ᠠᠵᠤ ᠠᠬᠤᠶᠢᠴᠢ ᠯᠢ ᠵᠢᠶᠦ᠋ᠨ᠂ ᠥᠭᠡᠷᠡᠴᠢᠯᠡᠯᠲᠡ ᠪᠣᠯᠣᠨ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠭᠠᠵᠠᠷ ᠤᠨ ᠳᠠᠷᠤᠭ᠎ᠠ ᠬᠤᠤ ᠴᠢ ᠸᠧᠨ ᠠᠵᠢᠯᠯᠠᠬᠤ ᠳᠤᠭᠤᠶᠢᠯᠠᠩ ᠳᠠᠭᠠᠭᠤᠯᠤᠨ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ᠂ ᠬᠠᠷᠠᠴᠢᠨ ᠬᠤᠰᠢᠭᠤᠨ ᠳᠤ ᠭᠦᠨᠵᠡᠭᠡᠶᠢᠷᠡᠵᠦ᠂ ᠲᠣᠰᠬᠤᠨ ᠤ ᠬᠠᠮᠲᠤ ᠶᠢᠨ ︽ᠭᠤᠷᠪᠠᠨ ᠪᠡᠯᠡ ᠮᠥᠩᠭᠦ︾ ᠶᠢᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠤᠷᠰᠢᠯᠲᠠ ᠶᠢᠨ ᠴᠢᠭ᠂ ᠲᠠᠷᠢᠶᠠᠯᠠᠩ ᠤᠨ ᠲᠦᠬᠦᠭᠡᠷᠦᠮᠵᠢ ᠶᠢᠨ ᠪᠠᠷᠢᠴᠠᠭᠠᠳᠤ ᠵᠢᠭᠡᠯᠡᠯᠭᠡ ᠶᠢᠨ ᠲᠤᠷᠰᠢᠯᠲᠠ ᠶᠢᠨ ᠴᠢᠭ᠂ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠷᠤᠮᠵᠢᠭᠰᠠᠨ ᠪᠠᠶᠢᠭᠤᠯᠤᠯᠲᠠ᠂ ︽ᠣᠨᠳᠣᠣ ᠵᠦᠢᠯ ᠳᠤ ᠵᠢᠭᠰᠠᠭᠠᠭᠰᠠᠨ︾ ᠬᠤᠷᠰᠢᠶ᠎ᠠ ᠶᠢ ᠰᠢᠯᠵᠢᠭᠦᠯᠦᠨ ᠭᠠᠷᠭᠠᠬᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠢᠭᠡ ᠨᠣᠮᠧᠷ ᠲᠤ ᠨᠡᠪᠲᠡᠷᠡᠭᠦᠯᠬᠦ ᠳᠤ ᠺᠣᠳ᠋ ᠣᠯᠭᠤᠬᠤ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠬᠦ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠡᠢ᠃      ᠪᠠᠶᠢᠴᠠᠭᠠᠨ ᠰᠤᠳᠤᠯᠬᠤ ᠳᠤᠭᠤᠶᠢᠯᠠᠩ ᠣᠩᠨᠢᠭᠤᠳ ᠬᠤᠰᠢᠭᠤ ᠪᠣᠯᠣᠨ ᠬᠠᠷᠠᠴᠢᠨ ᠬᠤᠰᠢᠭᠤᠨ ᠳᠤ ᠲᠤᠰ ᠲᠤᠰ ᠶᠠᠷᠢᠯᠴᠠᠬᠤ ᠬᠤᠷᠠᠯ ᠬᠢᠵᠦ᠂ ᠬᠤᠰᠢᠭᠤ ᠰᠢᠶᠠᠨ ᠤ ᠬᠠᠷᠢᠭᠤᠴᠠᠯᠭᠠᠲᠠᠨ ᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠩᠨᠢᠭᠤᠳ ᠬᠤᠰᠢᠭᠤᠨ ᠤ ᠴᠢᠶᠣᠤ ᠲᠧᠦ ᠪᠠᠯᠭᠠᠰᠤ᠂ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠳᠤ ᠭᠦᠨᠵᠡᠭᠡᠶᠢᠷᠡᠨ ᠲᠣᠰᠬᠤᠨ ᠤ ᠬᠠᠮᠲᠤ ᠶᠢᠨ ︽ᠭᠤᠷᠪᠠᠨ ᠪᠡᠯᠡ ᠮᠥᠩᠭᠦ︾ ᠶᠢᠨ ᠲᠤᠰᠬᠠᠢ ᠴᠡᠭᠴᠡᠯᠡᠨ ᠵᠠᠰᠠᠬᠤ ᠠᠵᠢᠯ ᠤᠨ ᠡᠬᠡ ᠲᠠᠩᠰᠠ ᠪᠠ ᠲᠣᠰᠬᠤᠨ ᠤ ᠬᠠᠮᠲᠤ ᠶᠢᠨ ᠡᠳ᠋ ᠬᠥᠷᠥᠩᠭᠡ ᠡᠬᠢ ᠪᠠᠶᠠᠯᠢᠭ ᠪᠡᠯᠡ ᠮᠥᠩᠭᠦ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠲᠠᠩᠰᠠ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠣᠰᠬᠤᠨ ᠤ ᠬᠠᠮᠲᠤ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠲᠠᠨ ᠲᠠᠢ ᠰᠢᠭᠤᠳ ᠶᠠᠷᠢᠯᠴᠠᠨ ᠪᠠᠶᠢᠳᠠᠯ ᠢ ᠣᠶᠢᠯᠠᠭᠠᠭᠰᠠᠨ ᠪᠥᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠪᠡ᠃ ᠠᠵᠢᠯᠯᠠᠬᠤ ᠳᠤᠭᠤᠶᠢᠯᠠᠩ ᠪᠠᠰᠠ ᠣᠩᠨᠢᠭᠤᠳ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ ᠰᠣᠯᠢᠯᠴᠠᠭᠠᠨ ᠤ ᠲᠥᠪ ︵ᠪᠠᠶᠢᠭᠤᠯᠵᠤ ᠪᠠᠶᠢᠭ᠎ᠠ︶ ᠲᠤ ᠬᠦᠷᠴᠦ᠂ ᠦ᠋ ᠲᠦᠩ ᠬᠤᠸᠠ ᠪᠠᠯᠭᠠᠰᠤᠨ ᠤ ᠮᠢᠩ ᠴᠦᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠲᠠ ᠽᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠲᠤ ᠰᠢᠨᠵᠢᠯᠡᠨ ᠪᠠᠶᠢᠴᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶ᠎ᠠ ᠪᠠ ᠲᠠᠷᠢᠶᠠᠯᠠᠩ ᠤᠨ ᠲᠦᠬᠦᠭᠡᠷᠦᠮᠵᠢ ᠶᠢᠨ ᠪᠠᠷᠢᠴᠠᠭᠠᠳᠤ ᠵᠢᠭᠡᠯᠡᠯᠭᠡ ᠶᠢᠨ ᠲᠤᠷᠰᠢᠯᠲᠠ ᠶᠢ ᠠᠬᠢᠭᠤᠯᠵᠤ ᠪᠠᠶᠢᠭ᠎ᠠ ᠪᠠᠶᠢᠳᠠᠯ᠂ ᠬᠤᠷᠰᠢᠶ᠎ᠠ ᠶᠢᠨ ᠵᠢᠷᠤᠮᠵᠢᠭᠰᠠᠨ ᠬᠠᠮᠢᠶᠠᠷᠤᠯᠲᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠢᠭᠡ ᠨᠣᠮᠧᠷ ᠢᠶᠠᠷ ᠨᠡᠪᠳᠡᠷᠡᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠬᠤ ᠶᠢᠨ ᠬᠠᠮᠲᠤ᠂ ᠡᠯ᠎ᠡ ᠵᠦᠢᠯ ᠤᠨ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠳᠦᠰᠦᠨ ᠱᠠᠲᠤᠨ ᠤ ᠨᠥᠬᠦᠳ ᠲᠠᠢ ᠰᠣᠯᠢᠯᠴᠠᠵᠤ᠂ ᠰᠢᠢᠳᠪᠦᠷᠢᠯᠡᠬᠦ ᠠᠷᠭ᠎ᠠ ᠪᠠ ᠠᠷᠭᠠᠴᠠᠬᠤ ᠪᠣᠳᠣᠯᠭ᠎ᠠ ᠶᠢ ᠰᠤᠳᠤᠯᠤᠭᠰᠠᠨ ᠪᠠᠶᠢᠨ᠎ᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠰᠢᠭᠤ ᠰᠢᠶᠠᠨ ᠤ ᠬᠠᠷᠢᠭᠤᠴᠠᠯᠭᠠᠲᠠᠨ ᠲᠠᠢ ᠬᠠᠮᠢᠶ᠎ᠠ ᠪᠦᠬᠦᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠠᠵᠢᠯᠯᠠᠬᠤ ᠳᠤᠭᠤᠶᠢᠯᠠᠩ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰᠬᠤᠨ ᠤ ᠬᠠᠮᠲᠤ ᠶᠢᠨ ︽ᠭᠤᠷᠪᠠᠨ ᠪᠡᠯᠡ ᠮᠥᠩᠭᠦ︾ ᠶᠢᠨ ᠲᠤᠰᠬᠠᠢ ᠴᠡᠭᠴᠡᠯᠡᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠥᠨᠳᠥᠷ ᠲᠦᠪᠰᠢᠨ ᠳᠤ ᠠᠬᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠠᠬᠢᠴᠠ ᠶᠢ ᠲᠦᠷᠭᠡᠳᠬᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠥᠯᠥᠪᠯᠡᠭᠡ ᠶᠣᠰᠣᠭᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠵᠤ᠂ ᠤᠳᠠᠭᠠᠰᠢᠷᠠᠭᠤᠯᠬᠤ ᠦᠭᠡᠢ ᠪᠠᠶᠢᠵᠤ᠂ ᠲᠦᠯᠬᠢᠨ ᠠᠬᠢᠭᠤᠯᠬᠤ ᠶᠠᠪᠤᠴᠠ ᠳᠠᠬᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠦᠯᠢᠶᠡᠬᠦ ᠦᠭᠡᠢ ᠲᠦᠰᠢᠬᠦ ᠦᠭᠡᠢ ᠪᠠᠶᠢᠵᠤ᠂ ᠲᠤᠰ ᠱᠠᠲᠤᠨ ᠤ ᠰᠢᠢᠳᠪᠦᠷᠢᠯᠡᠵᠦ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠭᠤᠷᠪᠠ ᠳᠤ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ ᠡᠮᠬᠢᠯᠡᠬᠦ᠂ ᠵᠢᠷᠤᠮᠵᠢᠯ ᠲᠠᠢ ᠲᠠᠩᠰᠠ ᠪᠠᠶᠢᠭᠤᠯᠬᠤ᠂ ᠲᠤᠭ᠎ᠠ ᠪᠠᠷᠢᠮᠲᠠ ᠶᠢ ᠣᠷᠣᠭᠤᠯᠬᠤ᠂ ᠲᠠᠩᠰᠠ ᠬᠠᠷ᠎ᠠ ᠶᠢ ᠬᠠᠷᠭᠤᠭᠤᠯᠬᠤ᠂ ᠲᠠᠩᠰᠠ ᠪᠠ ᠪᠣᠳᠠᠲᠠᠢ ᠶᠢ ᠬᠠᠷᠢᠯᠴᠠᠨ ᠨᠡᠶᠢᠴᠡᠭᠦᠯᠬᠦ ᠵᠡᠷᠭᠡ ᠭᠤᠭᠴᠤᠭ᠎ᠠ ᠳᠤ ᠬᠦᠴᠦᠨ ᠢᠶᠠᠨ ᠲᠥᠪᠯᠡᠷᠡᠭᠦᠯᠵᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠠᠵᠢᠯᠲᠠᠨ ᠪᠠ ᠠᠵᠢᠯ ᠤᠨ ᠵᠠᠷᠤᠳᠠᠯ ᠢ ᠪᠠᠲᠤᠯᠠᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠠᠯᠢ ᠲᠦᠷᠭᠡᠨ ᠢᠶᠠᠷ ᠨᠥᠬᠦᠪᠦᠷᠢᠯᠡᠵᠦ᠂ ᠡᠭᠦᠷᠭᠡ ᠪᠠᠨ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠳᠤᠷᠠᠳᠴᠠᠢ᠃ 
70.1.jpg
70.2.jpg
70.3.jpg
70.4.jpg
70.5.jpg
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号