ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/7/11
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ 2024 ᠣᠨ ᠤ 7 ᠰᠠᠷ᠎ᠠ ᠶᠢᠨ 11 ᠤ ᠡᠳᠦᠷ ᠤᠨ 10 ᠴᠠᠭ 00 ᠮᠢᠨᠦ᠋ᠲ ᠲᠤ ᠬᠠᠮᠲᠤᠷᠠᠨ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ 7 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠪᠠᠷᠠᠭᠤᠨ ᠬᠡᠰᠡᠭ ᠤᠨ ᠶᠡᠬᠡᠩᠬᠢ ᠭᠠᠵᠠᠷ ᠣᠷᠣᠨ᠂ ᠳᠤᠮᠳᠠ ᠬᠡᠰᠡᠭ ᠤᠨ ᠪᠠᠷᠠᠭᠤᠨ ᠬᠤᠶᠢᠲᠤ ᠶᠢᠨ ᠬᠡᠰᠡᠭ ᠭᠠᠵᠠᠷ ᠣᠷᠣᠨ ᠳᠤ 35℃ ᠵᠢᠴᠢ ᠲᠡᠭᠦᠨ ᠠᠴᠠ ᠳᠡᠭᠡᠭᠰᠢ ᠥᠨᠳᠥᠷ ᠬᠠᠯᠠᠭᠤᠨ ᠠᠭᠤᠷ ᠠᠮᠢᠰᠬᠤᠯ ᠢᠯᠡᠷᠡᠵᠦ᠂ ᠬᠡᠰᠡᠭ ᠭᠠᠵᠠᠷ ᠲᠤ 37℃ ᠵᠢᠴᠢ ᠲᠡᠭᠦᠨ ᠠᠴᠠ ᠳᠡᠭᠡᠭᠰᠢ ᠥᠨᠳᠥᠷ ᠬᠠᠯᠠᠭᠤᠨ ᠠᠭᠤᠷ ᠠᠮᠢᠰᠬᠤᠯ ᠢᠯᠡᠷᠡᠬᠦ ᠪᠣᠯᠣᠨ᠎ᠠ᠃      ᠢᠷᠡᠭᠡᠳᠦᠢ ᠶᠢᠨ 7 ᠡᠳᠦᠷ ᠤᠨ ᠣᠶᠤᠨᠴᠢ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠤᠨ᠂ ᠢᠷᠡᠭᠡᠳᠦᠢ ᠶᠢᠨ 3 ᠡᠳᠦᠷ ᠲᠤ ᠪᠠᠷᠠᠭᠤᠨ ᠬᠡᠰᠡᠭ ᠵᠢᠴᠢ ᠳᠤᠮᠳᠠ ᠬᠡᠰᠡᠭ ᠤᠨ ᠪᠠᠷᠠᠭᠤᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠳᠤ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠭᠠᠷᠬᠤ ᠪᠣᠯᠣᠨ᠎ᠠ᠃ 7 ᠰᠠᠷ᠎ᠠ ᠶᠢᠨ 12 ᠤᠨ ᠡᠳᠦᠷ᠂ ᠠᠯᠠᠱᠠ ᠠᠶᠢᠮᠠᠭ ᠤᠨ ᠬᠡᠰᠡᠭ ᠭᠠᠵᠠᠷ ᠣᠷᠣᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠪᠤᠭᠤᠲᠤ ᠬᠤᠲᠠ ᠶᠢᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠵᠢᠴᠢ ᠣᠷᠳᠣᠰ ᠬᠤᠲᠠ ᠶᠢᠨ ᠬᠡᠰᠡᠭ ᠭᠠᠵᠠᠷ ᠣᠷᠣᠨ ᠪᠣᠯ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠪᠠᠭ᠎ᠠ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠣᠨ᠎ᠠ︔ 7 ᠰᠠᠷ᠎ᠠ ᠶᠢᠨ 13 ᠤ ᠡᠳᠦᠷ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠰᠠᠭᠤᠷᠢᠨ ᠳᠡᠭᠡᠷ᠎ᠡ᠂ ᠤᠯᠠᠭᠠᠨᠴᠠᠪ ᠬᠤᠲᠠ ᠶᠢᠨ ᠪᠠᠷᠠᠭᠤᠨᠳᠡᠬᠢ ᠬᠡᠰᠡᠭ ᠭᠠᠵᠠᠷ ᠣᠷᠣᠨ ᠢ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠪᠠᠭ᠎ᠠ ᠲᠦᠭᠰᠢᠭᠦᠷᠢ ᠲᠠᠢ ᠭᠠᠵᠠᠷ ᠣᠷᠣᠨ ᠪᠣᠯᠭᠠᠨ ᠰᠢᠨ᠎ᠡ ᠪᠠᠷ ᠨᠡᠮᠡᠭᠳᠡᠭᠦᠯᠪᠡ︔ ᠵᠢᠱᠢᠯᠲᠡ ᠪᠠᠷ 7 ᠰᠠᠷ᠎ᠠ ᠶᠢᠨ 14 ᠤ ᠡᠳᠦᠷ᠂ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠡᠭᠦᠰᠬᠦ ᠭᠠᠵᠠᠷ ᠣᠷᠣᠨ ᠤ ᠬᠡᠪᠴᠢᠶ᠎ᠡ ᠪᠠᠭᠠᠰᠴᠤ᠂ ᠠᠯᠠᠱᠠ ᠠᠶᠢᠮᠠᠭ ᠤᠨ ᠬᠡᠰᠡᠭ ᠭᠠᠵᠠᠷ ᠣᠷᠣᠨ ᠪᠣᠯ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠪᠠᠭ᠎ᠠ ᠲᠦᠭᠰᠢᠭᠦᠷᠢ ᠲᠠᠢ ᠭᠠᠵᠠᠷ ᠣᠷᠣᠨ ᠪᠣᠯᠣᠨ᠎ᠠ ︵ᠵᠢᠷᠤᠭ 1︶᠃ ᠣᠳᠣᠬᠠᠨ ᠳᠤ᠂ ᠮᠠᠨ ᠤ ᠣᠷᠣᠨ ᠤ ᠶᠡᠬᠡᠩᠬᠢ ᠲᠠᠷᠢᠶᠠᠯᠠᠬᠤ ᠣᠷᠣᠨ ᠤ ᠬᠠᠪᠤᠷ ᠤᠨ ᠪᠤᠭᠤᠳᠠᠢ ᠢᠳᠡᠭᠡᠰᠢᠵᠦ ᠪᠣᠯᠪᠠᠰᠤᠷᠠᠬᠤ ᠬᠤᠭᠤᠴᠠᠭᠠᠨ ᠳᠤ ᠣᠷᠣᠰᠢᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠡᠰᠡᠭ ᠭᠠᠵᠠᠷ ᠣᠷᠣᠨ ᠨᠢᠭᠡᠨᠲᠡ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠬᠠᠭᠤᠷᠠᠢ ᠬᠠᠯᠠᠭᠤᠨ ᠰᠠᠯᠬᠢ ᠨᠢ ᠬᠠᠪᠤᠷ ᠤᠨ ᠪᠤᠭᠤᠳᠠᠢ ᠶᠢᠨ ᠢᠳᠡᠭᠡᠰᠢᠵᠦ ᠪᠣᠯᠪᠠᠰᠤᠷᠠᠬᠤ ᠶᠢ ᠨᠥᠯᠥᠭᠡᠯᠡᠵᠦ᠂ ᠡᠭᠦᠨ ᠤ ᠤᠯᠠᠮ ᠢᠶᠠᠷ ᠬᠠᠪᠤᠷ ᠤᠨ ᠪᠤᠭᠤᠳᠠᠢ ᠶᠢᠨ ᠤᠨᠠᠯᠲᠠ ᠶᠢ ᠨᠥᠯᠥᠭᠡᠯᠡᠵᠦ᠂ ᠴᠢᠭᠢᠭ ᠤᠨ ᠪᠠᠶᠢᠳᠠᠯ ᠢᠶᠠᠷ ᠨᠡᠯᠢᠶᠡᠳ ᠠᠨᠠᠢ ᠬᠡᠰᠡᠭ ᠭᠠᠵᠠᠷ ᠢ ᠨᠠᠩ ᠶᠡᠭᠡ ᠨᠥᠯᠥᠭᠡᠯᠡᠬᠦ ᠪᠣᠯᠣᠨ᠎ᠠ᠃      ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ᠄ ᠲᠠᠷᠢᠶᠠᠨ ᠭᠠᠵᠠᠷ ᠤᠨ ᠬᠠᠯᠬᠠᠪᠴᠢ ᠣᠶ ᠶᠢᠨ ᠪᠦᠰᠡ ᠶᠢ ᠪᠠᠶᠢᠭᠤᠯᠵᠤ᠂ ᠰᠠᠯᠬᠢᠨ ᠤ ᠬᠤᠷᠳᠤᠴᠠ ᠶᠢ ᠪᠠᠭᠤᠷᠠᠭᠤᠯᠤᠨ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠵᠤ᠂ ᠬᠠᠷᠢᠴᠠᠩᠭᠤᠢ ᠴᠢᠭᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠳᠡᠭᠡᠷᠡᠬᠢ ᠤᠰᠤᠨ ᠤ ᠠᠭᠤᠷᠰᠢᠯᠲᠠ ᠶᠢ ᠪᠠᠭᠠᠰᠬᠠᠵᠤ᠂ ᠬᠥᠷᠥᠰᠥᠨ ᠤ ᠤᠰᠤᠨ ᠤ ᠠᠭᠤᠯᠤᠭᠳᠠᠴᠠ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ ᠤᠰᠤᠯᠠᠬᠤ ︵ᠤᠰᠤᠯᠠᠬᠤ᠂ ᠰᠦᠷᠴᠢᠨ ᠤᠰᠤᠯᠠᠬᠤ︶ ᠳᠤ ᠲᠦᠬᠦᠮ ᠪᠣᠯᠭᠠᠨ᠎ᠠ᠃ ᠬᠠᠭᠤᠷᠠᠢ ᠬᠠᠯᠠᠭᠤᠨ ᠰᠠᠯᠬᠢ ᠢᠷᠡᠬᠦ ᠠᠴᠠ ᠡᠮᠦᠨ᠎ᠡ ᠲᠣᠬᠢᠷᠠᠮᠵᠢᠲᠠᠢ ᠦᠶ᠎ᠡ ᠳᠤ ᠤᠰᠤᠯᠠᠯᠲᠠ ᠶᠢᠨ ᠤᠰᠤ ᠶᠢ ᠭᠦᠢᠴᠡᠳ ᠤᠰᠤᠯᠠᠵᠤ᠂ ᠬᠥᠷᠥᠰᠥ ᠰᠢᠷᠣᠢ ᠶᠢᠨ ᠲᠠᠷᠢᠶᠠᠨ ᠭᠠᠵᠠᠷ ᠤᠨ ᠠᠭᠤᠷ ᠠᠮᠢᠰᠬᠤᠯ ᠢ ᠰᠠᠶᠢᠵᠢᠷᠠᠭᠤᠯᠤᠨ᠂ ᠬᠥᠷᠥᠰᠥᠨ ᠤ ᠴᠢᠭᠢᠭᠯᠢᠭ ᠤᠨ ᠬᠡᠮᠵᠢᠶ᠎ᠡ ᠶᠢ ᠨᠡᠮᠡᠭᠳᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠪᠦᠲᠦᠮᠵᠢᠲᠡᠶ ᠬᠤᠷᠢᠭᠯᠠᠬᠤ ᠬᠡᠷᠡᠭᠲᠡᠢ᠃ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠲᠠᠢ ᠤᠶᠠᠯᠳᠤᠭᠤᠯᠤᠨ᠂ ᠬᠢᠮᠢ ᠶᠢᠨ ᠡᠮ ᠲᠠᠢ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠰᠦᠷᠴᠢᠨ ᠣᠷᠣᠭᠤᠯᠵᠤ᠂ ᠪᠤᠭᠤᠳᠠᠢ ᠶᠢᠨ ᠰᠦᠷᠡᠯ ᠤᠨ ᠳᠣᠲᠣᠷᠠᠬᠢ ᠹᠣᠰᠹᠣᠷ ᠺᠠᠯᠢ ᠶᠢᠨ ᠠᠭᠤᠯᠤᠭᠳᠠᠴᠠ ᠶᠢ ᠳᠡᠭᠡᠭᠰᠢᠯᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ ᠪᠤᠭᠤᠳᠠᠢ ᠶᠢᠨ ᠲᠦᠷᠦᠭᠦᠦ᠂ ᠲᠦᠷᠦᠭᠦᠦ ᠪᠥᠭᠡᠯᠵᠢᠬᠦ ᠪᠠ ᠴᠡᠴᠡᠭ ᠳᠡᠯᠭᠡᠷᠡᠬᠦ ᠬᠤᠭᠤᠴᠠᠭᠠᠨ ᠳᠤ ᠲᠤᠰ ᠪᠦᠷᠢ0.2 ~ 0.5% ᠶᠢᠨ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢᠨ ᠠᠭᠤᠰᠤᠮᠠᠯ ᠢ ᠰᠦᠷᠴᠢᠵᠦ ᠪᠣᠯᠣᠨ᠎ᠠ᠃ ᠰᠦᠷᠴᠢᠨ ᠤᠰᠤᠯᠠᠬᠤ ᠨᠥᠬᠦᠴᠡᠯ ᠲᠠᠢ ᠭᠠᠵᠠᠷ ᠲᠤ ᠬᠠᠭᠤᠷᠠᠢ ᠬᠠᠯᠠᠭᠤᠨ ᠰᠠᠯᠬᠢ ᠢᠷᠡᠬᠦ ᠦᠶ᠎ᠡ ᠳᠤ ᠰᠦᠷᠴᠢᠨ ᠤᠰᠤᠯᠠᠬᠤ ᠲᠥᠬᠦᠭᠡᠷᠦᠮᠵᠢ ᠪᠠᠨ ᠨᠡᠭᠡᠭᠡᠵᠦ᠂ 10 — 30 ᠮᠢᠨᠦ᠋ᠲ ᠰᠦᠷᠴᠢᠨ ᠣᠷᠣᠭᠤᠯᠪᠠᠯ᠂ ᠠᠭᠠᠷ ᠤᠨ ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠬᠤ ᠪᠠ ᠠᠭᠠᠷ ᠤᠨ ᠴᠢᠭᠢᠭ ᠤᠨ ᠬᠡᠮᠵᠢᠶ᠎ᠡ ᠶᠢ ᠨᠡᠮᠡᠭᠳᠡᠭᠦᠯᠵᠦ᠂ ᠬᠠᠭᠤᠷᠠᠢ ᠬᠠᠯᠠᠭᠤᠨ ᠰᠠᠯᠬᠢᠨ ᠤ ᠬᠥᠨᠥᠭᠡᠯ ᠢ ᠡᠰᠡᠷᠭᠦᠴᠡᠨ ᠬᠤᠷᠢᠭᠯᠠᠵᠤ᠂ ᠭᠠᠷᠤᠯᠲᠠ ᠶᠢᠨ ᠬᠡᠮᠵᠢᠶ᠎ᠡ ᠶᠢᠨ ᠬᠤᠬᠢᠷᠠᠯ ᠢ ᠪᠠᠭᠠᠰᠬᠠᠵᠤ ᠴᠢᠳᠠᠨ᠎ᠠ᠃ 
71.1.png
 
71.2.png
 
71.3.png
       7 ᠰᠠᠷ᠎ᠠ ᠶᠢᠨ 12 ᠤᠨ ᠡᠳᠦᠷ ᠠᠴᠠ 7 ᠰᠠᠷ᠎ᠠ ᠶᠢᠨ 14 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号