ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠢᠩᠭᠠᠨ ᠲᠦᠮᠡᠨ ᠢᠨᠵᠧᠨᠧᠷᠢᠩ︾ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢ ᠣᠷᠳᠣᠰ ᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2024/7/12
      7 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠢᠩᠭᠠᠨ ᠲᠦᠮᠡᠨ ᠢᠨᠵᠧᠨᠧᠷᠢᠩ︾ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢ ᠣᠷᠳᠣᠰ ᠬᠤᠲᠠ ᠳᠤ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ ᠬᠤᠷᠠᠯ ᠡᠷᠭᠢᠯᠡᠪᠡ᠃ 
1.jpg
     ᠪᠣᠯᠪᠠᠰᠤᠷᠠᠭᠤᠯᠤᠯ ᠤᠨ ᠠᠩᠭᠢ ᠳᠤ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠬᠠᠮᠲᠤ ᠪᠠᠷ ᠣᠷᠳᠣᠰ ᠬᠤᠲᠠ ᠶᠢᠨ ︽ᠮᠢᠩᠭᠠᠨ ᠲᠦᠮᠡᠨ ᠢᠨᠵᠧᠨᠧᠷᠢᠩ︾ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠶᠢᠨ ᠲᠤᠰᠬᠠᠢ ᠰᠡᠳᠦᠪᠲᠦ ᠸᠢᠳᠢᠤ᠋ ᠶᠢ ᠦᠵᠡᠵᠦ᠂ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ᠂ ᠣᠷᠳᠣᠰ ᠬᠤᠲᠠ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠵᠧᠵᠢᠶᠠᠩ ᠮᠤᠵᠢ ᠶᠢᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠡᠳ᠋ ᠳᠠᠷᠤᠭ᠎ᠠ ᠯᠧᠦ ᠾᠥᠸᠧ ᠮᠢᠩ ᠢ ᠤᠷᠢᠵᠤ ︽︿ᠮᠢᠩᠭᠠᠨ ᠲᠦᠮᠡᠨ ᠢᠨᠵᠧᠨᠧᠷᠢᠩ﹀ ᠤᠨ ᠵᠧᠵᠢᠶᠠᠩ ᠤᠨ ᠲᠤᠷᠰᠢᠯᠭ᠎ᠠ ᠪᠠ ᠰᠡᠩᠬᠡᠷᠡᠭᠦᠯᠦᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠵᠢᠯᠣᠭᠤᠳᠤᠯᠭ᠎ᠠ ᠬᠢᠪᠡ᠃ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠪᠠᠰᠠ ᠡᠵᠡᠨ ᠬᠤᠷᠤᠭ᠎ᠠ ᠬᠤᠰᠢᠭᠤᠨ ᠤ ᠮᠧᠩ ᠲᠠᠢ ᠲᠠᠷᠢᠶᠠᠨ ᠭᠠᠵᠠᠷ ᠤᠨ ᠶᠡᠷᠦᠩᠬᠡᠢ ᠴᠣᠭᠴᠠ ᠶᠢᠨ ᠲᠦᠷᠦᠯ ᠵᠦᠢᠯ ᠤᠨ ᠲᠣᠭᠤᠷᠢᠭ᠂ ᠤᠯᠠᠭᠠᠨ ᠨᠠᠭᠤᠷ ᠲᠣᠰᠬᠤᠨ᠂ ᠨᠠᠷᠢᠨ ᠰᠢᠯᠢ ᠲᠣᠰᠬᠤᠨ᠂ ᠯᠦᠩ ᠬᠤ᠋ ᠴᠢᠦᠢ ᠲᠣᠰᠬᠤᠨ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
2.jpg
       ᠪᠣᠯᠪᠠᠰᠤᠷᠠᠭᠤᠯᠤᠯ ᠠᠴᠠ ᠵᠢᠭᠠᠵᠤ ᠭᠠᠷᠭᠠᠭᠰᠠᠨ ᠨᠢ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ  ᠨᠢ ᠨᠠᠮ ᠤᠨ ᠲᠥᠪ ᠬᠤᠷᠢᠶ᠎ᠠ ᠠᠴᠠ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ  ᠪᠠᠶᠢᠷᠢᠯᠠᠭᠤᠯᠤᠭᠰᠠᠨ ᠴᠢᠬᠤᠯᠠ ᠶᠡᠭᠡ ᠢᠨᠵᠧᠨᠧᠷᠢᠩ ᠪᠣᠯᠣᠨ᠎ᠠ᠃ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠨᠣᠯᠵᠢᠬᠤᠨ᠂ ᠠᠵᠢᠯ ᠤᠨ ᠲᠣᠭᠲᠠᠴᠠ᠂ ᠠᠬᠢᠭᠤᠯᠬᠤ ᠠᠷᠭ᠎ᠠ ᠶᠢ ᠭᠦᠨᠵᠡᠭᠡᠢ ᠡᠵᠡᠮᠳᠡᠵᠦ᠂ ᠮᠠᠯᠴᠢᠨ ᠲᠠᠷᠢᠶᠠᠴᠢᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ ᠵᠦᠢ ᠵᠣᠬᠢᠰᠲᠠᠢ ᠲᠣᠭᠲᠠᠭᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠦᠴᠦᠲᠡᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ᠃ ᠬᠦᠷᠢᠶᠡᠨ ᠤ ᠠᠵᠤ ᠠᠬᠤᠢ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠪᠦᠲᠦᠮᠵᠢᠲᠡᠶ ᠬᠦᠴᠦᠨ ᠨᠡᠮᠡᠷᠢᠯᠡᠬᠦ ᠬᠡᠷᠡᠭᠲᠡᠢ ᠭᠡᠪᠡ᠃
3.jpg
       ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号