ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠦᠬᠦ ᠣᠷᠣᠨ ᠳᠤ ᠰᠢᠨ᠎ᠡ ᠪᠠᠷ ᠪᠠᠶᠢᠭᠤᠯᠬᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠣᠳᠣ ᠨᠢᠭᠡᠨᠲᠡ 2.6 ᠲᠦᠮᠡ ᠶᠢ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2024/7/12
      2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ ᠤ 5.5 ᠲᠦᠮᠡᠨ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠶᠢ ᠪᠥᠬᠦ ᠣᠷᠣᠨ ᠤ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠪᠠ ᠪᠠᠷᠢᠮᠵᠢᠶᠠᠵᠢᠭᠤᠯᠤᠭᠰᠠᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠷᠠᠭᠤᠯᠤᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠲᠥᠷᠥᠯ ᠬᠤᠪᠢᠶᠠᠨ ᠲᠦᠯᠬᠢᠨ ᠠᠬᠢᠭᠤᠯᠵᠠᠢ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠨᠲᠡ 2.6 ᠲᠦᠮᠡ ᠡᠬᠢᠯᠡᠭᠦᠯᠵᠦ᠂ ᠪᠥᠬᠦ ᠵᠢᠯ ᠤᠨ ᠡᠭᠦᠷᠭᠡ ᠪᠠᠨ ᠬᠠᠭᠠᠰ ᠰᠢᠬᠠᠮ ᠪᠡᠶᠡᠯᠡᠭᠦᠯᠪᠡ᠃      ᠨᠢᠭᠡ ᠳᠤ᠂ ᠡᠷᠲᠡ ᠠᠴᠠ ᠲᠥᠯᠥᠪᠵᠢᠭᠦᠯᠵᠦ ᠪᠠᠶᠢᠷᠢᠯᠠᠭᠤᠯᠵᠠᠢ᠃ 2023 ᠣᠨ ᠤ 9 ᠰᠠᠷ᠎ᠠ ᠳᠤ ᠡᠯ᠎ᠡ ᠠᠶᠢᠮᠠᠭ ᠬᠤᠲᠠ ᠶᠢ ᠵᠣᠬᠢᠶᠠᠨ ᠪᠠᠶᠢᠭᠤᠯᠤᠨ ᠵᠣᠷᠯᠣᠩ ᠢ ᠥᠭᠡᠷᠡᠴᠢᠯᠡᠬᠦ ᠲᠥᠯᠥᠪᠯᠡᠭᠡ ᠶᠢ ᠭᠤᠶᠤᠴᠢᠯᠠᠨ ᠮᠡᠳᠡᠭᠦᠯᠵᠦ᠂ ᠡᠨᠡ ᠵᠢᠯ ᠤᠨ 3 ᠰᠠᠷ᠎ᠠ ᠳᠤ ︽2024 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠵᠢᠯ ᠤᠨ ᠡᠭᠦᠷᠭᠡ ᠶᠢ ᠲᠣᠳᠣᠷᠬᠠᠢ ᠲᠣᠭᠲᠠᠭᠠᠪᠠ᠃ 4 ᠰᠠᠷ᠎ᠠ ᠶᠢᠨ ᠡᠬᠢᠨ ᠳᠤ᠂ 2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠡᠭᠦᠷᠭᠡ ᠳᠤ ᠰᠢᠰᠲ᠋ᠧᠮ ᠲᠠᠢ ᠲᠣᠬᠢᠷᠠᠭᠤᠯᠤᠯᠲᠠ ᠬᠢᠪᠡ᠃ 1.36 ᠳ᠋ᠦᠩᠰᠢᠭᠤᠷ ᠰᠢᠬᠠᠮ ᠲᠥᠭᠦᠷᠢᠭ ᠤᠨ ᠲᠤᠰᠬᠠᠢ ᠵᠦᠢᠯ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠳᠡᠮᠵᠢᠪᠡ᠃      ᠬᠤᠶᠠᠷ ᠲᠤ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢ ᠨᠢᠭᠡᠳᠬᠡᠵᠡᠢ᠃ 5 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠬᠠᠶᠢᠯᠠᠭᠰᠠᠨ ᠠᠵᠢᠯ ᠤᠨ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠮᠡᠷᠭᠡᠵᠢᠯ ᠤᠨ ᠵᠠᠭᠪᠤᠷ ᠢ ᠰᠣᠩᠭᠤᠬᠤ᠂ ᠪᠠᠷᠢᠯᠭ᠎ᠠ ᠪᠠᠷᠢᠵᠤ ᠪᠦᠲᠦᠭᠡᠨ ᠪᠠᠶᠢᠭᠤᠯᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠪᠠ ᠵᠣᠷᠯᠣᠩ ᠢ ᠥᠭᠡᠷᠡᠴᠢᠯᠡᠬᠦ ᠮᠡᠳᠡᠭᠡ ᠵᠠᠩᠭᠢ ᠶᠢᠨ ᠰᠢᠰᠲ᠋ᠧᠮ ᠢ ᠠᠵᠢᠯᠯᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠪᠣᠯᠪᠠᠰᠤᠷᠠᠭᠤᠯᠤᠯ ᠥᠷᠨᠢᠭᠦᠯᠬᠦ ᠶᠢᠨ ᠬᠠᠮᠲᠤ ᠬᠥᠬᠡᠬᠤᠲᠠ ᠶᠢᠨ ᠬᠤᠷᠢᠨᠭᠡᠷ ᠰᠢᠶᠠᠨ ᠤ ᠵᠣᠷᠯᠣᠩ ᠢ ᠥᠭᠡᠷᠡᠴᠢᠯᠡᠬᠦ ᠲᠤᠷᠰᠢᠯᠭ᠎ᠠ ᠪᠠ ᠠᠷᠭ᠎ᠠ ᠬᠢᠳᠡᠯ ᠢ ᠲᠤᠬᠠᠢ ᠶᠢᠨ ᠭᠠᠵᠠᠷ ᠲᠤᠨᠢ ᠦᠵᠡᠭᠦᠯᠵᠦ᠂ ᠪᠣᠯᠪᠠᠰᠤᠷᠠᠭᠤᠯᠤᠯ ᠬᠦᠷᠲᠡᠭᠰᠡᠳ ᠲᠤ ᠨᠠᠩ ᠰᠢᠭᠤᠳ ᠠᠷᠭ᠎ᠠ᠂ ᠲᠤᠷᠰᠢᠯᠭ᠎ᠠ ᠶᠢ ᠰᠤᠷᠤᠯᠴᠠᠭᠤᠯᠵᠠᠢ᠃      ᠭᠤᠷᠪᠠ ᠳᠤ ᠮᠡᠳᠡᠭᠡ ᠵᠠᠩᠭᠢᠵᠢᠯᠲᠠ ᠶᠢᠨ ᠲᠣᠬᠢᠷᠠᠭᠤᠯᠤᠯᠲᠠ ᠶᠢᠨ ᠬᠢᠨᠠᠨ ᠬᠡᠮᠵᠢᠯᠲᠡ ᠶᠢ ᠬᠢᠵᠡᠢ᠃ ᠪᠥᠬᠦ ᠣᠷᠣᠨ ᠤ ᠡᠷᠦᠬᠡ ᠶᠢᠨ ᠵᠣᠷᠯᠣᠩ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠣᠷᠯᠣᠩ ᠢ ᠥᠭᠡᠷᠡᠴᠢᠯᠡᠬᠦ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ᠂ ᠡᠷᠦᠬᠡ ᠶᠢᠨ ᠵᠣᠷᠯᠣᠩ ᠢ ᠬᠠᠮᠢᠶᠠᠷᠬᠤ᠂ ᠠᠵᠢᠯᠯᠠᠭᠤᠯᠵᠤ ᠪᠠᠲᠤᠯᠠᠬᠤ ᠬᠠᠮᠢᠶᠠᠷᠴᠤ ᠬᠠᠮᠠᠭᠠᠯᠠᠬᠤ ᠵᠡᠷᠭᠡ ᠴᠢᠳᠠᠮᠵᠢ ᠶᠢ ᠨᠢᠭᠡ ᠴᠣᠭᠴᠠ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠵᠡᠢ᠃ ᠲᠤᠬᠠᠢ ᠶᠢᠨ ᠵᠢᠯ ᠳᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠢ ᠰᠢᠯᠭᠠᠨ ᠬᠤᠷᠢᠶᠠᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠢ ᠵᠣᠷᠯᠣᠩ ᠢ ᠥᠭᠡᠷᠡᠴᠢᠯᠡᠨ ᠪᠠᠶᠢᠭᠤᠯᠤᠭᠰᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠷᠣᠭᠤᠯᠵᠤ᠂ ᠮᠠᠰᠢᠨ ᠤ ᠲᠠᠩᠰᠠ ᠶᠢ ᠪᠣᠳᠠᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠡᠷᠦᠬᠡ ᠶᠢᠨ ᠵᠣᠷᠯᠣᠩ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠠᠰᠠᠭᠤᠳᠠᠯ ᠲᠠᠢ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠮᠡᠳᠡᠭᠡ ᠵᠠᠩᠭᠢ ᠳᠤ ᠬᠢᠨᠠᠯᠲᠠ ᠲᠠᠯᠪᠢᠬᠤ ᠬᠡᠰᠡᠭ ᠢ ᠨᠡᠮᠡᠭᠳᠡᠭᠦᠯᠵᠦ᠂ ᠠᠰᠠᠭᠤᠳᠠᠯ ᠲᠠᠢ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠬᠤ ᠶᠢ ᠦᠨᠡᠨ ᠬᠦ ᠴᠢᠩᠭᠠᠳᠬᠠᠪᠠ᠃      ᠳᠥᠷᠪᠡ ᠳᠤ᠂ ᠪᠠᠷᠢᠮᠵᠢᠶᠠᠵᠢᠭᠰᠠᠨ ᠮᠡᠷᠭᠡᠵᠢᠯ ᠤᠨ ᠦᠢᠯᠡᠴᠢᠯᠡᠭᠡ ᠬᠠᠩᠭᠠᠪᠠ᠃ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ︽ᠵᠣᠷᠯᠣᠩ ᠢ ᠥᠭᠡᠷᠡᠴᠢᠯᠡᠬᠦ ᠵᠠᠭᠪᠤᠷ ᠤᠨ ᠯᠠᠪᠯᠠᠯᠲᠠ ᠶᠢᠨ ᠭᠠᠷ ᠳᠡᠪᠲᠡᠷ︾ ᠢ ᠨᠠᠶᠢᠷᠠᠭᠤᠯᠤᠨ ᠵᠣᠬᠢᠶᠠᠵᠤ᠂ ᠡᠯ᠎ᠡ ᠭᠠᠵᠠᠷ ᠲᠤ 8 ᠵᠦᠢᠯ ᠤᠨ ᠪᠠᠷᠢᠮᠵᠢᠶᠠᠵᠢᠭᠤᠯᠤᠭᠰᠠᠨ ᠯᠠᠪᠯᠠᠯᠲᠠ ᠶᠢᠨ ᠵᠠᠭᠪᠤᠷ ᠢ ᠲᠠᠨᠢᠯᠴᠠᠭᠤᠯᠵᠤ᠂ ᠠᠵᠢᠯ ᠡᠬᠢᠯᠡᠭᠦᠯᠦᠨ ᠵᠥᠪ ᠵᠠᠮ ᠰᠣᠩᠭᠤᠬᠤ ᠶᠢ ᠦᠨᠡᠨ ᠬᠦ ᠪᠠᠲᠤᠯᠠᠵᠤ᠂ ᠬᠠᠵᠠᠭᠠᠢ ᠵᠠᠮ ᠢᠶᠠᠷ ᠶᠠᠪᠤᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠣᠷᠯᠣᠩ ᠢ ᠥᠭᠡᠷᠡᠴᠢᠯᠡᠬᠦ ᠠᠵᠢᠯ ᠢ ᠵᠣᠬᠢᠶᠠᠨ ᠪᠠᠶᠢᠭᠤᠯᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ 12 ᠠᠶᠢᠮᠠᠭ ᠬᠤᠲᠠ ᠳᠤ ᠬᠦᠷᠴᠦ᠂ 43 ᠬᠤᠰᠢᠭᠤ ᠰᠢᠶᠠᠨ ᠳᠤ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠮᠡᠷᠭᠡᠵᠢᠯ ᠤᠨ ᠪᠠᠷᠢᠮᠵᠢᠶ᠎ᠠ ᠶᠢᠨ ᠲᠥᠰᠥᠯ ᠢ ᠦᠵᠡᠵᠦ᠂ ᠵᠣᠷᠯᠣᠩ ᠤᠨ ᠦᠢᠯᠡᠳᠬᠦᠨ ᠤ ᠶᠠᠰᠤ ᠴᠢᠨᠠᠷ ᠢ ᠦᠵᠡᠵᠦ᠂ ᠵᠣᠷᠯᠣᠩ ᠢ ᠰᠢᠨ᠎ᠡ ᠪᠠᠷ ᠥᠭᠡᠷᠡᠴᠢᠯᠡᠬᠦ ᠠᠵᠢᠯ ᠤᠨ ᠪᠠᠶᠢᠳᠠᠯ ᠢ ᠦᠵᠡᠵᠦ᠂ ᠵᠣᠷᠯᠣᠩ ᠢ ᠥᠭᠡᠷᠡᠴᠢᠯᠡᠬᠦ ᠠᠵᠢᠯ ᠤᠨ ᠦᠷ᠎ᠡ ᠪᠦᠲᠦᠮᠵᠢ ᠶᠢᠨ ︽ᠳᠥᠷᠪᠡ ᠶᠢ ᠦᠵᠡᠬᠦ︾ ᠠᠵᠢᠯ ᠤᠨ ᠱᠠᠭᠠᠷᠳᠠᠯᠭ᠎ᠠ ᠶᠢ ᠦᠵᠡᠵᠦ᠂ ᠡᠯ᠎ᠡ ᠭᠠᠵᠠᠷ ᠤᠨ ᠡᠷᠦᠬᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠨ᠂ ᠵᠣᠷᠯᠣᠩ ᠢ ᠥᠭᠡᠷᠡᠴᠢᠯᠡᠬᠦ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠨᠢᠭᠡ ᠪᠠᠶᠢᠭᠤᠯᠪᠠᠯ ᠨᠢᠭᠡ ᠪᠦᠲᠦᠵᠦ᠂ ᠨᠢᠭᠡ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠪᠠ᠃
72.2.png
72.1.png
      ᠵᠢᠷᠤᠭ 1 ᠬᠢᠩᠭᠠᠨ ᠠᠶᠢᠮᠠᠭ ᠤᠨ ᠤᠯᠠᠭᠠᠨᠬᠤᠲᠠ ᠶᠢᠨ ᠪᠠᠶᠢᠴᠠᠭᠠᠨ ᠰᠤᠳᠤᠯᠤᠯᠲᠠ ᠶᠢᠨ ᠠᠬᠤᠢ ᠲᠠᠯᠠᠪᠠᠶ
72.3.png
      ᠵᠢᠷᠤᠭ 2 ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠪᠠᠭᠠᠰᠤᠨ ᠲᠠᠲᠠᠭᠠᠯ ᠤᠭᠰᠠᠷᠠᠬᠤ ᠲᠤᠬᠠᠢ ᠶᠢᠨ ᠲᠠᠯᠠᠪᠠᠶ ᠶᠢᠨ ᠵᠢᠯᠣᠭᠤᠳᠤᠯᠭ᠎ᠠ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号