ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/7/12
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 7 ᠰᠠᠷ᠎ᠠ ᠶᠢᠨ 12 ᠤᠨ ᠡᠳᠦᠷ ᠤᠨ 10 ᠴᠠᠭ 00 ᠮᠢᠨᠦ᠋ᠲ ᠲᠤ ᠬᠠᠮᠲᠤᠷᠠᠨ ᠲᠥᠮᠥᠰᠥᠨ ᠤ ᠬᠢᠵᠢᠭ ᠡᠪᠡᠳᠴᠢᠨ ᠡᠭᠦᠰᠬᠦ ᠬᠠᠨᠳᠤᠰᠢ ᠶᠢᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      2024 ᠣᠨ ᠤ 7 ᠰᠠᠷ᠎ᠠ ᠶᠢᠨ 11 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠶᠡᠬᠡᠩᠬᠢ ᠲᠠᠷᠢᠶᠠᠯᠠᠬᠤ ᠣᠷᠣᠨ ᠤ ᠬᠤᠷ᠎ᠠ ᠲᠤᠨᠳᠠᠰᠤ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠵᠤ᠂ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠢᠭᠠᠬᠠᠨ ᠥᠨᠳᠥᠷ ᠪᠣᠯᠵᠠᠢ᠃ ᠣᠳᠣᠬᠠᠨ ᠳᠤ᠂ ᠪᠥᠬᠦ ᠣᠷᠣᠨ ᠤ ᠶᠡᠬᠡᠩᠬᠢ ᠬᠡᠰᠡᠭ ᠲᠥᠮᠥᠰᠥ ᠨᠢ ᠴᠡᠴᠡᠭ ᠤᠨ ᠪᠠᠭ ᠪᠣᠶ ᠪᠣᠯᠣᠭᠠᠳ ᠴᠡᠴᠡᠭ ᠳᠡᠯᠭᠡᠷᠡᠬᠦ ᠱᠠᠲᠤᠨ ᠳᠤ ᠪᠠᠶᠢᠵᠤ᠂ ᠲᠥᠮᠥᠰᠦᠯᠢᠭ ᠡᠰᠢ ᠪᠣᠶ ᠪᠣᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠬᠤ ᠪᠥᠭᠡᠳ ᠲᠥᠮᠥᠰᠥᠨ ᠤ ᠬᠢᠵᠢᠭ ᠡᠪᠡᠳᠴᠢᠨ ᠤ ᠬᠠᠮᠤᠭ ᠤᠨ ᠠᠮᠠᠷᠬᠠᠨ ᠬᠠᠯᠳᠠᠪᠤᠷᠢᠯᠠᠬᠤ ᠬᠤᠭᠤᠴᠠᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ ᠢᠷᠡᠬᠦ‍ ᠨᠢᠭᠡ ᠭᠠᠷᠠᠭ ᠲᠤ᠂ ᠪᠥᠬᠦ ᠣᠷᠣᠨ ᠤ ᠶᠡᠬᠡᠩᠬᠢ ᠭᠠᠵᠠᠷ ᠲᠤ ᠠᠳᠠᠯᠢ ᠪᠤᠰᠤ ᠬᠡᠮᠵᠢᠶ᠎ᠡ ᠪᠠᠷ ᠪᠣᠷᠣᠭᠠᠨ ᠣᠷᠣᠨ᠎ᠠ᠂ ᠡᠭᠦᠨ ᠳᠤ 14 ᠤ ᠡᠳᠦᠷ ᠠᠴᠠ 17 ᠤ ᠡᠳᠦᠷ ᠪᠣᠯᠲᠠᠯ᠎ᠠ᠂ ᠪᠠᠷᠠᠭᠤᠨ ᠪᠡᠶ᠎ᠡ ᠶᠢᠨ ᠵᠡᠭᠦᠨ ᠬᠤᠶᠢᠲᠤ ᠬᠡᠰᠡᠭ᠂ ᠳᠤᠮᠳᠠ ᠪᠡᠶ᠎ᠡ ᠶᠢᠨ ᠬᠤᠶᠢᠲᠤ ᠬᠡᠰᠡᠭ᠂ ᠵᠡᠭᠦᠨ ᠬᠤᠶᠢᠲᠤ ᠪᠡᠶ᠎ᠡ ᠶᠢᠨ ᠪᠠᠷᠠᠭᠤᠨ ᠬᠡᠰᠡᠭ ᠨᠢ ᠳᠤᠮᠳᠠ ᠵᠡᠷᠭᠡ ᠠᠴᠠ ᠶᠡᠭᠡ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠨ᠎ᠠ᠃ ᠢᠷᠡᠭᠡᠳᠦᠢ ᠶᠢᠨ 7 ᠡᠳᠦᠷ ᠤᠨ ᠣᠶᠤᠨᠲᠤ ᠰᠦᠯᠵᠢᠶᠡᠨ ᠤ ᠤᠷᠢᠳᠴᠢᠯᠠᠭᠰᠠᠨ ᠮᠡᠳᠡᠭᠡᠯᠡᠯ ᠤᠨ ᠲᠤᠭ᠎ᠠ ᠪᠠᠷᠢᠮᠲᠠ ᠶᠢ ᠦᠨᠳᠦᠰᠦᠯᠡᠨ᠂ ᠲᠥᠮᠥᠰᠥᠨ ᠤ ᠬᠢᠵᠢᠭ ᠡᠪᠡᠳᠴᠢᠨ ᠤ ᠬᠠᠨᠳᠤᠰᠢ ᠶᠢ ᠲᠥᠰᠥᠭᠡᠯᠡᠬᠦ ᠵᠠᠭᠪᠤᠷ ᠤᠨ ᠵᠠᠳᠠᠯᠤᠯᠲᠠ ᠲᠠᠢ ᠤᠶᠠᠯᠳᠤᠭᠤᠯᠪᠠᠯ᠂ 7 ᠰᠠᠷ᠎ᠠ ᠶᠢᠨ 12 ᠤᠨ ᠡᠳᠦᠷ ᠠᠴᠠ 18 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠳᠤᠮᠳᠠ ᠵᠡᠭᠦᠨ ᠬᠡᠰᠡᠭ᠂ ᠬᠢᠩᠭᠠᠨ ᠠᠶᠢᠮᠠᠭ ᠤᠨ ᠶᠡᠬᠡᠩᠬᠢ ᠬᠡᠰᠡᠭ᠂ ᠲᠦᠩᠯᠢᠶᠣᠣ ᠬᠤᠲᠠ ᠶᠢᠨ ᠶᠡᠬᠡᠩᠬᠢ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠵᠢᠴᠢ ᠡᠮᠦᠨ᠎ᠡ ᠬᠡᠰᠡᠭ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠳᠤᠮᠳᠠ ᠡᠮᠦᠨ᠎ᠡ ᠬᠡᠰᠡᠭ᠂ ᠬᠥᠬᠡᠬᠤᠲᠠ ᠶᠢᠨ ᠳᠤᠮᠳᠠ ᠬᠡᠰᠡᠭ ᠵᠢᠴᠢ ᠵᠡᠭᠦᠨ ᠬᠤᠶᠢᠲᠤ ᠬᠡᠰᠡᠭ ᠵᠡᠷᠭᠡ ᠲᠥᠮᠥᠰᠥ ᠲᠠᠷᠢᠵᠤ ᠪᠠᠶᠢᠭ᠎ᠠ ᠣᠷᠣᠨ ᠤ ᠬᠢᠵᠢᠭ ᠡᠪᠡᠳᠴᠢᠨ ᠤ ᠡᠭᠦᠰᠬᠦ ᠬᠠᠨᠳᠤᠰᠢ ᠶᠢᠨ ᠴᠠᠭ ᠠᠭᠤᠷ ᠤᠨ ᠲᠦᠭᠰᠢᠭᠦᠷᠢ ᠶᠢᠨ ᠲᠠᠰ ᠨᠢ ᠳᠣᠣᠷ᠎ᠠ ᠲᠦᠭᠰᠢᠭᠦᠷᠢ ᠪᠣᠯᠣᠨ᠎ᠠ᠃ ᠡᠭᠦᠨ ᠳᠤ ᠬᠥᠯᠥᠨ ᠪᠤᠶᠢᠷ ᠬᠤᠲᠠ ᠶᠢᠨ ᠡᠮᠦᠨᠡᠰᠢ ᠪᠠᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠪᠠᠷᠠᠭᠤᠨ ᠬᠡᠰᠡᠭ᠂ ᠲᠦᠩᠯᠢᠶᠣᠣ ᠬᠤᠲᠠ ᠶᠢᠨ ᠡᠮᠦᠨᠡᠰᠢ ᠵᠢᠴᠢ ᠵᠡᠭᠦᠨᠰᠢ᠂ ᠤᠯᠠᠭᠠᠨᠬᠠᠳᠠ ᠬᠤᠲᠠ ᠶᠢᠨ ᠪᠠᠷᠠᠭᠤᠨᠰᠢ ᠵᠢᠴᠢ ᠡᠮᠦᠨᠡᠰᠢ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ ᠭᠠᠵᠠᠷ ᠣᠷᠣᠨ ᠪᠣᠯ ᠳᠤᠮᠳᠠ ᠵᠡᠷᠭᠡ ᠶᠢᠨ ᠲᠦᠭᠰᠢᠭᠦᠷᠢ ᠪᠣᠯᠣᠨ᠎ᠠ  ᠵᠢᠷᠤᠭ 1᠂ ᠵᠢᠷᠤᠭ 2︶᠃      ᠰᠡᠷᠭᠡᠶᠢᠯᠡᠬᠦ ᠠᠷᠭ᠎ᠠ ᠪᠣᠳᠣᠯᠭ᠎ᠠ᠄ ᠳᠡᠭᠡᠷ᠎ᠡ ᠳᠤᠷᠠᠳᠤᠭᠰᠠᠨ ᠲᠥᠮᠥᠰᠥᠨ ᠤ ᠬᠢᠵᠢᠭ ᠡᠪᠡᠳᠴᠢᠨ ᠳᠤ ᠨᠥᠯᠥᠭᠡᠯᠡᠭᠳᠡᠵᠦ ᠮᠡᠳᠡᠬᠦ ᠭᠠᠵᠠᠷ ᠣᠷᠣᠨ ᠤ ᠬᠢᠨ ᠲᠠᠷᠢᠶᠠᠴᠢᠨ ᠡᠷᠦᠭᠡ ᠶᠢ ᠤᠷᠢᠳᠴᠢᠯᠠᠨ ᠵᠢᠭᠠᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠬᠢᠨᠠᠨ ᠬᠡᠮᠵᠢᠯᠲᠡ ᠪᠠ ᠰᠡᠷᠭᠡᠶᠢᠯᠡᠨ ᠵᠠᠰᠠᠯᠲᠠ ᠶᠢ ᠴᠢᠩᠭᠠᠳᠬᠠᠵᠤ᠂ ᠰᠡᠷᠭᠡᠶᠢᠯᠡᠯᠲᠡ ᠶᠢᠨ ᠡᠮ ᠨᠠᠶᠢᠷᠠᠯᠭ᠎ᠠ ᠪᠠ ᠡᠮᠨᠡᠨ ᠵᠠᠰᠠᠬᠤ ᠡᠮ ᠨᠠᠶᠢᠷᠠᠯᠭ᠎ᠠ ᠶᠢ ᠡᠭᠡᠯᠵᠢᠯᠡᠨ ᠬᠡᠷᠡᠭᠯᠡᠵᠦ ᠪᠣᠯᠣᠨ᠎ᠠ᠂ ᠡᠮ ᠣᠷᠣᠭᠤᠯᠬᠤ ᠠᠯᠤᠰᠯᠠᠬᠤ ᠬᠤᠭᠤᠴᠠᠭ᠎ᠠ ᠶᠢ ᠪᠣᠷᠣᠭᠠᠨ ᠤ ᠪᠠᠶᠢᠳᠠᠯ ᠪᠠ ᠡᠮ ᠤᠨ ᠨᠠᠶᠢᠷᠠᠯᠭ᠎ᠠ ᠶᠢᠨ ᠦᠢᠯᠡᠳᠦᠯ ᠦᠵᠡᠭᠦᠯᠬᠦ ᠬᠤᠭᠤᠴᠠᠭ᠎ᠠ ᠶᠢ ᠦᠨᠳᠦᠰᠦᠯᠡᠨ ᠲᠣᠭᠲᠠᠭᠠᠵᠤ᠂ ᠡᠩ ᠤᠨ ᠪᠠᠶᠢᠳᠠᠯ ᠳᠤ 7 ᠡᠳᠦᠷ ᠣᠷᠴᠢᠮ ᠠᠯᠤᠰᠯᠠᠵᠤ ᠪᠣᠯᠣᠨ᠎ᠠ᠃ ᠪᠣᠷᠣᠭᠠᠨ ᠣᠷᠣᠬᠤ ᠠᠴᠠ ᠡᠮᠦᠨ᠎ᠡ ᠡᠮ ᠣᠷᠣᠭᠤᠯᠬᠤ ᠠᠴᠠ ᠵᠠᠶᠢᠯᠠᠰᠬᠢᠵᠦ᠂ ᠡᠮ ᠣᠷᠣᠭᠤᠯᠤᠭᠰᠠᠨ ᠤ ᠳᠠᠷᠠᠭ᠎ᠠ 4 ᠴᠠᠭ ᠤᠨ ᠳᠣᠲᠣᠷ᠎ᠠ ᠪᠣᠷᠣᠭᠠᠨ ᠣᠷᠣᠪᠠᠯ ᠴᠠᠭ ᠲᠤᠬᠠᠢ ᠳᠤᠨᠢ ᠨᠥᠬᠦᠵᠦ ᠣᠷᠣᠭᠤᠯᠬᠤ ᠬᠡᠷᠡᠭᠲᠡᠢ᠃ ᠤᠷᠭᠤᠮᠠᠯ ᠤᠨ ᠤᠷᠭᠤᠴᠠ ᠨᠢ ᠨᠡᠯᠢᠶᠡᠳ ᠪᠠᠭᠤᠷᠠᠢ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠨᠠᠪᠴᠢᠨ ᠤ ᠪᠣᠷᠳᠣᠭᠤᠷ ᠢ ᠰᠦᠷᠴᠢᠨ ᠣᠷᠣᠭᠤᠯᠵᠤ ᠤᠷᠭᠤᠮᠠᠯ ᠤᠨ ᠡᠪᠡᠳᠴᠢᠨ ᠢ ᠡᠰᠡᠷᠭᠦᠴᠡᠬᠦ ᠴᠢᠨᠠᠷ ᠢ ᠨᠡᠮᠡᠭᠳᠡᠭᠦᠯᠳᠡᠭ᠃
W020240712557838852599.png
      ᠵᠢᠷᠤᠭ 1    7 ᠰᠠᠷ᠎ᠠ ᠶᠢᠨ 12 ᠤᠨ ᠡᠳᠦᠷ ᠠᠴᠠ 18 ᠤ ᠡᠳᠦᠷ ᠪᠣᠯᠲᠠᠯᠠᠬᠢ ᠥᠪᠥᠷ ᠮᠣᠩᠭᠤᠯ ᠣᠷᠣᠨ ᠤ ᠲᠥᠮᠥᠰᠥᠨ ᠤ ᠬᠢᠵᠢᠭ ᠡᠪᠡᠳᠴᠢᠨ ᠡᠭᠦᠰᠬᠦ ᠬᠠᠨᠳᠤᠰᠢ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠷᠬᠠᠯᠲᠠ ᠶᠢᠨ ᠵᠢᠷᠤᠭ
W020240712557838897074.png
           ᠵᠢᠷᠤᠭ 2  ᠥᠪᠥᠷ ᠮᠣᠩᠭᠤᠯ ᠣᠷᠣᠨ ᠤ ᠲᠥᠮᠥᠰᠥᠨ ᠤ ᠪᠤᠶᠢᠵᠢᠯᠲᠠ ᠶᠢᠨ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号