ᠪᠤᠬᠠᠨ ᠤᠢ ᠰᠢᠭᠤᠢ ᠶᠢᠨ ᠲᠠᠯᠠᠪᠠᠢ ᠶᠢᠨ ᠽᠠᠨᠳᠠᠨ ᠮᠣᠳᠣᠨ ᠤ ᠨᠠᠪᠴᠢᠨ ᠴᠠᠢ ᠪᠣᠯᠪᠠᠰᠤᠷᠠᠭᠤᠯᠤᠨ ᠦᠢᠯᠡᠳᠪᠦᠷᠢᠯᠡᠬᠦ ᠠᠵᠢᠯ ᠶᠠᠭᠠᠷᠠᠯᠲᠠᠢ ᠴᠠᠭ ᠢᠶᠠᠨ ᠤᠭᠲᠤᠪᠠ
ᠨᠡᠶᠢᠲᠡᠯᠡᠭᠰᠡᠨ ᠴᠠᠭ᠄
2024/7/12
      5 ᠰᠠᠷ᠎ᠠ ᠠᠴᠠ ᠨᠠᠭᠠᠰᠢ᠂ ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠲᠤᠮᠳᠠᠳᠦ ᠬᠤᠰᠢᠭᠤᠨ ᠤ ᠪᠤᠬᠠᠨ ᠤᠢ ᠰᠢᠭᠤᠢ ᠶᠢᠨ ᠲᠠᠯᠠᠪᠠᠢ ᠶᠢᠨ ᠽᠠᠨᠳᠠᠨ ᠮᠣᠳᠣᠨ ᠤ ᠨᠠᠪᠴᠢᠨ ᠴᠠᠢ ᠪᠣᠯᠪᠠᠰᠤᠷᠠᠭᠤᠯᠤᠨ ᠦᠢᠯᠡᠳᠪᠦᠷᠢᠯᠡᠬᠦ ᠠᠵᠢᠯ ᠶᠠᠭᠠᠷᠠᠯᠲᠠᠢ ᠴᠠᠭ ᠢᠶᠠᠨ ᠤᠭᠲᠤᠵᠠᠢ᠃ ᠽᠠᠨᠳᠠᠨ ᠮᠣᠳᠣ ᠪᠣᠯ ᠮᠠᠨ ᠤ ᠤᠯᠤᠰ ᠲᠤ ᠣᠨᠴᠠ ᠪᠠᠶᠢᠳᠠᠭ ᠲᠤᠰᠤᠨ ᠮᠠᠲ᠋ᠧᠷᠢᠶᠡᠯ ᠤᠨ ᠮᠣᠳᠣᠨ ᠤ ᠲᠦᠷᠦᠯ ᠪᠥᠭᠡᠳ ᠥᠪᠴᠢ ᠪᠡᠶ᠎ᠡ ᠨᠢ ᠪᠦᠷ ᠡᠷᠳᠡᠨᠢ ᠪᠠᠶᠢᠵᠤ᠂ ᠮᠠᠰᠢ ᠶᠡᠭᠡ ᠠᠵᠤ ᠠᠬᠤᠢ ᠪᠠ ᠠᠮᠢ ᠠᠬᠤᠢ ᠶᠢᠨ ᠦᠨ᠎ᠡ ᠦᠷᠳᠡᠭ ᠲᠠᠢ ᠪᠠᠶᠢᠳᠠᠭ᠃ 
109.png
       ᠣᠶᠢᠷ᠎ᠠ ᠶᠢᠨ ᠵᠢᠯ ᠠᠴᠠ ᠪᠤᠬᠠᠨ ᠤᠢ ᠰᠢᠭᠤᠢ ᠶᠢᠨ ᠲᠠᠯᠠᠪᠠᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠽᠠᠨᠳᠠᠨ ᠮᠣᠳᠣᠨ ᠤ ᠠᠵᠤ ᠦᠢᠯᠡᠰ ᠢ ᠤᠢ ᠰᠢᠭᠤᠢ ᠶᠢᠨ ᠠᠵᠤ ᠠᠬᠤᠢ ᠶᠢ ᠬᠥᠭᠵᠢᠭᠦᠯᠵᠦ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡ ᠴᠣᠭᠴᠠᠵᠢᠭᠤᠯᠤᠭᠰᠠᠨ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠪᠡ᠃ ᠲᠤᠰ ᠲᠠᠯᠠᠪᠠᠢ ᠶᠢᠨ ᠽᠠᠨᠳᠠᠨ ᠮᠣᠳᠣᠨ ᠤ ᠲᠠᠯᠠᠪᠠᠶ ᠨᠢᠭᠡᠨᠲᠡ 4000 ᠮᠦ ᠳᠤ ᠬᠦᠷᠴᠦ᠂ ᠡᠭᠦᠨ ᠳᠤ 3000 ᠮᠦ ᠨᠢ ᠵᠢᠮᠢᠰ ᠰᠠᠭᠤᠵᠤ ᠡᠬᠢᠯᠡᠨ᠂ ᠮᠦ ᠨᠢᠭᠡᠴᠢ ᠶᠢᠨ ᠵᠢᠮᠢᠰ ᠤᠨ ᠤᠨᠠᠯᠲᠠ 200-400 ᠵᠢᠩ ᠳᠤ ᠬᠦᠷᠴᠦ᠂ 1000 - 2000 ᠲᠥᠭᠦᠷᠢᠭ ᠤᠨ ᠦᠷ᠎ᠡ ᠠᠰᠢᠭ ᠡᠭᠦᠳᠦᠨ᠂ ᠽᠠᠨᠳᠠᠨ ᠮᠣᠳᠣᠨ ᠤ ᠨᠠᠪᠴᠢᠨ ᠴᠠᠢ ᠶᠢᠨ ᠮᠦ ᠨᠢᠭᠡᠴᠢ ᠶᠢᠨ ᠠᠰᠢᠭ ᠤᠷᠤᠯᠭ᠎ᠠ ᠨᠢ 5000 - 10000 ᠲᠥᠭᠦᠷᠢᠭ ᠲᠤ ᠬᠦᠷᠴᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号