ᠵᠡᠭᠦᠨ ᠬᠡᠰᠡᠭ ᠤᠨ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠳᠤ ᠤᠮᠠᠷᠠᠲᠤ ᠶᠢᠨ ᠪᠣᠭᠤᠮ᠎ᠠ ᠡᠪᠡᠳᠴᠢᠨ ᠶᠡᠭᠡ ᠪᠠᠷ ᠡᠭᠦᠰᠴᠦ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠢ ᠳᠤᠨᠢ ᠥᠷᠨᠢᠭᠦᠯᠪᠡ
ᠨᠡᠶᠢᠲᠡᠯᠡᠭᠰᠡᠨ ᠴᠠᠭ᠄
2024/7/13
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠤ ᠳᠣᠣᠷ᠎ᠠ ᠳᠤᠯᠠᠭᠠᠨ ᠴᠢᠭᠢᠭᠯᠢᠭ ᠠᠭᠤᠷ ᠠᠮᠢᠰᠬᠤᠯ ᠤᠨ ᠨᠥᠬᠦᠴᠡᠯ ᠤᠨ ᠨᠥᠯᠥᠭᠡ ᠠᠴᠠ ᠪᠣᠯᠵᠤ᠂ 7 ᠰᠠᠷ᠎ᠠ ᠶᠢᠨ 3 ᠤ ᠡᠳᠦᠷ ᠠᠴᠠ ᠡᠬᠢᠯᠡᠨ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠤᠨ ᠬᠡᠰᠡᠭ ᠭᠠᠵᠠᠷ ᠣᠷᠣᠨ ᠳᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠵᠠᠯᠭᠠᠭ᠎ᠠ ᠪᠠᠷ ᠡᠭᠦᠰᠪᠡ᠃ ᠣᠲᠣ ᠪᠣᠯᠲᠠᠯ᠎ᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠤᠨ 8 ᠬᠤᠰᠢᠭᠤ ᠰᠢᠶᠠᠨ ᠳᠤ ᠨᠡᠶᠢᠲᠡ 246.93 ᠲᠦᠮᠡᠨ ᠮᠦ ᠲᠠᠯᠠᠪᠠᠶ ᠳᠤ ᠭᠠᠷᠴᠤ᠂ ᠣᠳᠣ ᠨᠡᠶᠢᠲᠡ 200.11 ᠲᠦᠮᠡᠨ ᠮᠦ ᠤᠳᠠᠭ᠎ᠠ ᠰᠡᠷᠭᠡᠶᠢᠯᠡᠨ ᠵᠠᠰᠠᠪᠠ᠃      ᠡᠪᠡᠳᠴᠢᠨ ᠤ ᠬᠥᠨᠥᠭᠡᠯ ᠤᠨ ᠮᠡᠳᠡᠭᠡ ᠶᠢ ᠣᠯᠣᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠠᠶᠢᠮᠠᠭ ᠬᠤᠲᠠ ᠶᠢᠨ ᠤᠷᠭᠤᠮᠠᠯ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠥᠯᠢᠭᠡᠷ ᠠᠪᠴᠤ ᠪᠠᠶᠢᠴᠠᠭᠠᠯᠭᠠᠬᠤ ᠪᠠᠷ ᠬᠦᠷᠭᠡᠵᠦ᠂ ᠲᠤᠰᠬᠠᠢ ᠮᠡᠷᠭᠡᠵᠢᠯᠲᠡᠨ ᠢᠶᠠᠷ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠢᠶᠠᠷ ᠬᠢᠨᠠᠨ ᠲᠣᠭᠲᠠᠭᠠᠯᠭᠠᠵᠠᠢ᠃ ᠲᠡᠷᠡ ᠳᠠᠷᠤᠢ ᠳᠤᠨᠢ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠤ ᠡᠳᠦᠷ ᠤᠨ ᠲᠣᠬᠢᠷᠠᠭᠤᠯᠤᠯᠲᠠ ᠶᠢᠨ ᠳᠦᠷᠢᠮ ᠢ ᠡᠬᠢᠯᠡᠨ ᠬᠡᠷᠡᠭᠵᠢᠭᠦᠯᠵᠦ᠂ ᠡᠪᠡᠳᠴᠢᠨ ᠤ ᠬᠥᠨᠥᠭᠡᠯ ᠡᠭᠦᠰᠦᠭᠰᠡᠨ ᠪᠠᠶᠢᠳᠠᠯ ᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤ ᠮᠡᠷᠭᠡᠵᠢᠯ ᠤᠨ ᠵᠢᠯᠤᠭᠤᠳᠬᠤ ᠳᠤᠭᠤᠶᠢᠯᠠᠩ ᠲᠣᠮᠢᠯᠠᠨ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ ᠵᠢᠯᠣᠭᠤᠳᠴᠠᠢ᠃
1.jpg
      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ‌‍ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡ 25 ᠮᠡᠷᠭᠡᠵᠢᠯ ᠤᠨ ᠵᠢᠯᠤᠭᠤᠳᠬᠤ ᠳᠤᠭᠤᠶᠢᠯᠠᠩ ᠲᠣᠮᠢᠯᠠᠵᠤ᠂ ᠬᠤᠶᠠᠷ ᠠᠶᠢᠮᠠᠭ ᠬᠤᠲᠠ ᠶᠢᠨ ᠡᠷᠳᠡᠨᠢ ᠰᠢᠰᠢ ᠳᠠᠷᠢᠬᠤ ᠬᠤᠰᠢᠭᠤ ᠰᠢᠶᠠᠨ ᠢ ᠬᠠᠮᠤᠷᠤᠭᠤᠯᠤᠨ᠂ ᠡᠯ᠎ᠡ ᠭᠠᠵᠠᠷ ᠤᠨ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ ᠥᠷᠨᠢᠭᠦᠯᠬᠦ ᠶᠢ ᠰᠢᠪᠠᠳᠠᠨ ᠵᠢᠯᠤᠭᠤᠳᠴᠤ ᠪᠠᠶᠢᠨ᠎ᠠ᠃
2.jpg
3.jpg
4.jpg
      7 ᠰᠠᠷ᠎ᠠ ᠶᠢᠨ 12 ᠤᠨ ᠡᠳᠦᠷ᠂ ᠪᠥᠬᠦ ᠣᠷᠣᠨ ᠤ ᠡᠷᠳᠡᠨᠢ ᠰᠢᠰᠢ ᠶᠢᠨ ᠡᠪᠡᠳᠴᠢᠨ ᠤ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠰᠦᠯᠵᠢᠶᠡᠨ ᠤ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠤᠯᠤᠰ ᠤᠨ ᠡᠷᠳᠡᠨᠢ ᠰᠢᠰᠢ ᠶᠢᠨ ᠠᠵᠤ ᠦᠢᠯᠡᠰ ᠤᠨ ᠰᠢᠰᠲ᠋ᠧᠮᠵᠢ ᠶᠢᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠰᠤᠳᠤᠯᠤᠭᠴᠢ ᠱᠢ ᠵᠢᠶᠧ ᠶᠢ ᠣᠨᠴᠠ ᠤᠷᠢᠵᠤ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠯᠭᠡᠵᠦ᠂ ᠪᠥᠬᠦ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ ᠤᠷᠭᠤᠮᠠᠯ ᠤᠨ ᠬᠠᠮᠠᠭᠠᠯᠠᠯᠲᠠ ᠶᠢᠨ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠠᠵᠢᠯᠲᠠᠨ᠂ ᠲᠠᠷᠢᠮᠠᠯ ᠤᠨ ᠭᠤᠣᠯ ᠴᠣᠭᠴᠠ ᠶᠢ ᠵᠣᠬᠢᠶᠠᠨ ᠪᠠᠶᠢᠭᠤᠯᠵᠤ ᠨᠡᠶᠢᠲᠡ 345 ᠬᠤᠷᠠᠯ ᠳᠤ ᠣᠷᠣᠯᠴᠠᠪᠠ᠃
5.png
      ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢ ᠰᠡᠷᠭᠡᠶᠢᠯᠡᠨ ᠡᠵᠡᠮᠳᠡᠬᠦ 4 ᠬᠤᠭᠤᠴᠠᠭ᠎ᠠ ᠪᠠᠭ᠎ᠠ ᠸᠢᠳᠢᠤ᠋ ᠶᠢ ᠵᠣᠬᠢᠶᠠᠵᠤ᠂ 1 ᠮᠡᠷᠭᠡᠵᠢᠯ ᠤᠨ ᠲᠥᠰᠥᠯ ᠢ ᠨᠡᠶᠢᠲᠡᠯᠡᠵᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠣᠬᠤᠷ ᠮᠡᠳᠡᠭᠡ᠂ ᠸᠢᠴᠠᠲ ᠤᠨ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠯ᠎ᠡ ᠱᠠᠲᠤᠨ ᠤ ᠮᠡᠷᠭᠡᠵᠢᠯ ᠤᠨ ᠠᠵᠢᠯᠲᠠᠨ᠂ ᠰᠢᠶᠠᠩ ᠪᠠᠯᠭᠠᠰᠤᠨ ᠤ ᠲᠠᠷᠢᠶᠠᠯᠠᠩ ᠤᠨ ᠦᠢᠯᠡᠴᠢᠯᠡᠭᠡ᠂ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠵᠢᠴᠢ ᠲᠠᠷᠢᠶᠠᠴᠢᠨ ᠡᠷᠦᠬᠡ ᠶᠢ ᠥᠷᠭᠡᠨ ᠢᠶᠠᠷ ᠤᠬᠠᠭᠤᠯᠤᠨ ᠪᠣᠯᠪᠠᠰᠤᠷᠠᠭᠤᠯᠵᠤ ᠵᠢᠯᠣᠭᠤᠳᠴᠠᠢ᠃
6.jpg
      ᠴᠠᠭ ᠠᠭᠤᠷ ᠤᠨ ᠰᠠᠯᠠᠭ᠎ᠠ ᠮᠥᠴᠢᠷ ᠤᠨ ᠲᠥᠰᠥᠭᠡᠯᠡᠭᠰᠡᠨ ᠢᠶᠠᠷ᠂ ᠡᠨᠡ ᠵᠢᠯ ᠤᠨ 7︱8 ᠰᠠᠷ᠎ᠠ ᠳᠤ᠂ ᠮᠠᠨ ᠤ ᠣᠷᠣᠨ ᠤ ᠵᠡᠭᠦᠨ ᠬᠡᠰᠡᠭ ᠤᠨ ᠡᠮᠦᠨᠡᠭᠦᠷᠬᠢ ᠭᠠᠵᠠᠷ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠡᠩ ᠤᠨ ᠵᠢᠯ ᠤᠨ  ᠬᠢ ᠠᠴᠠ 0︱2 ᠬᠤᠪᠢ ᠢᠯᠡᠭᠦᠦ ᠪᠠᠶᠢᠵᠤ᠂ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠤ ᠳᠡᠯᠭᠡᠷᠡᠬᠦ ᠳᠤ ᠠᠰᠢᠭᠲᠠᠢ ᠨᠥᠬᠦᠴᠡᠯ ᠪᠣᠯᠵᠤ ᠪᠠᠶᠢᠨ᠎ᠠ᠃ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠳᠡᠯᠭᠡᠷᠡᠭᠰᠡᠨ ᠡᠬᠢᠨ ᠤ ᠬᠤᠭᠤᠴᠠᠭ᠎ᠠ ᠪᠤᠯ ᠮᠥᠨ ᠴᠦ ᠰᠡᠷᠭᠡᠶᠢᠯᠡᠨ ᠵᠠᠰᠠᠬᠤ ᠬᠠᠮᠤᠭ ᠤᠨ ᠰᠠᠶᠢᠨ ᠴᠠᠭ ᠦᠶ᠎ᠡ ᠮᠥᠨ᠂ ᠡᠯ᠎ᠡ ᠭᠠᠵᠠᠷ ᠤᠨ ᠬᠢᠨ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠪᠣᠭᠤᠮᠲᠠ ᠶᠢ ᠡᠮᠦᠨᠡᠰᠢ ᠪᠠᠨ ᠰᠢᠯᠵᠢᠭᠦᠯᠬᠦ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠲᠣᠬᠢᠷᠠᠭᠤᠯᠤᠨ ᠲᠣᠬᠢᠷᠠᠭᠤᠯᠬᠤ᠂ ᠨᠥᠭᠡᠴᠡᠯᠡᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠡᠪᠡᠳᠴᠢᠨ ᠤ ᠬᠤᠣᠷ ᠬᠥᠨᠥᠭᠡᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ​ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号