ᠠᠮᠢᠲᠠᠨ ᠵᠢᠴᠢ ᠠᠮᠢᠲᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠬᠤ ᠶᠠᠪᠤᠴᠠ
ᠨᠡᠶᠢᠲᠡᠯᠡᠭᠰᠡᠨ ᠴᠠᠭ᠄
2024/7/13
      1. ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ 531 ᠳ᠋ᠦ᠋ᠭᠡᠷ ᠲᠣᠭᠠᠲᠤ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ᠂ GPS ᠤᠭᠰᠠᠷᠠᠬᠤ ᠬᠡᠷᠡᠭᠲᠡᠢ᠃ ᠲᠡᠷᠭᠡ ᠬᠥᠰᠬᠡ ᠶᠢᠨ ᠪᠠᠶᠢᠷᠢ ᠲᠣᠭᠲᠠᠭᠠᠯᠲᠠ ᠶᠢ ᠮᠦ ᠶᠦᠨ ᠲᠦᠩ ᠲᠠᠪᠴᠠᠩ ᠳᠤ ᠵᠠᠯᠭᠠᠨ ᠣᠷᠣᠭᠤᠯᠬᠤ ᠳᠤ ᠡᠷᠬᠡᠪᠰᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠶᠠᠮᠤᠨ ᠤ ᠪᠠᠷᠢᠮᠵᠢᠶ᠎ᠠ ᠶᠢᠨ ᠵᠥᠪᠯᠡᠯᠴᠡᠭᠡᠷ ᠲᠤ ᠨᠡᠶᠢᠴᠡᠬᠦ GPS ᠲᠥᠬᠦᠭᠡᠷᠦᠮᠵᠢ ᠶᠢ ᠤᠭᠰᠠᠷᠠᠵᠤ᠂ ᠲᠥᠬᠦᠭᠡᠷᠦᠮᠵᠢ ᠶᠢ ᠬᠤᠳᠠᠯᠳᠤᠨ ᠠᠪᠬᠤ ᠠᠴᠠ ᠪᠠᠨ ᠡᠮᠦᠨ᠎ᠡ ᠪᠣᠷᠣᠯᠠᠭᠤᠯᠬᠤ ᠨᠢᠭᠡᠴᠡ ᠯᠦᠭᠡ ᠲᠣᠳᠣᠷᠬᠠᠢ ᠨᠡᠪᠲᠡᠷᠡᠯᠴᠡᠭᠡᠷᠡᠢ᠃      2. ︽ᠮᠦ ᠶᠦᠨ ᠲᠦᠩ ᠲᠠᠪᠴᠠᠩ︾ ᠳᠤ ᠭᠠᠷᠤᠨ᠎ᠠ᠃ GPS ᠤᠭᠰᠠᠷᠠᠨ ᠬᠡᠪ ᠤᠨ ᠪᠠᠶᠢᠳᠠᠯ ᠢᠶᠠᠷ ᠬᠡᠷᠡᠭᠯᠡᠭᠰᠡᠨ ᠤ ᠳᠠᠷᠠᠭ᠎ᠠ᠂ ᠲᠡᠷᠭᠡᠨ ᠤ ᠡᠵᠡᠨ ᠤ ᠲᠣᠰ ᠬᠥᠮᠥᠨ ᠤ ᠭᠠᠷ ᠤᠲᠠᠰᠤᠨ ᠤ ᠸᠢᠴᠠᠲ ᠤᠨ ᠬᠠᠶᠢᠯᠲᠠ ᠨᠢ ︽ᠮᠦ ᠶᠦᠨ ᠲᠦᠩ︾ ᠵᠢᠵᠢᠭ ᠫᠷᠣᠭ᠍ᠷᠠᠮ ᠳᠤ ᠣᠷᠣᠵᠤ᠂ ᠮᠠᠯ ᠵᠢᠭᠦᠷᠲᠡᠨ ᠤ ᠲᠡᠭᠡᠭᠡᠪᠦᠷᠢ ᠶᠢᠨ ᠬᠠᠮᠢᠶᠠᠷᠤᠯᠲᠠ ᠶᠢ ᠲᠣᠪᠴᠢᠳᠠᠨ᠂ ᠲᠡᠷᠭᠡᠨ ᠤ ᠡᠵᠡᠨ ᠭᠠᠷ ᠤᠲᠠᠰᠤᠨ ᠤ ᠨᠣᠮᠧᠷ ᠢᠶᠠᠷ ᠳᠠᠩᠰᠠᠯᠠᠭᠤᠯᠤᠨ ᠲᠡᠮᠳᠡᠭᠯᠡᠵᠦ᠂ ᠣᠪᠣᠭ ᠨᠡᠷ᠎ᠡ᠂ ᠳ᠋ᠢᠶᠠᠩᠬᠤᠸᠠ᠂ ᠪᠡᠶ᠎ᠡ ᠶᠢᠨ ᠦᠨᠡᠮᠯᠡᠯ ᠤᠨ ᠨᠣᠮᠧᠷ᠂ ᠴᠢᠨᠠᠷ ᠤᠨ ᠢᠯᠭᠠᠯ ᠵᠡᠷᠭᠡ ᠲᠡᠷᠭᠡᠨ ᠤ ᠡᠵᠡᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠲᠠᠪᠴᠠᠩ ᠳᠤ ᠭᠠᠷᠬᠤ ᠨᠢᠭᠤᠴᠠ ᠨᠣᠮᠧᠷ ᠲᠣᠬᠢᠷᠠᠭᠤᠯᠤᠨ᠎ᠠ᠃ ᠳᠠᠩᠰᠠᠯᠠᠭᠤᠯᠵᠤ ᠪᠠᠷᠠᠭᠰᠠᠨ ᠤ ᠳᠠᠷᠠᠭ᠎ᠠ ᠲᠠᠪᠴᠠᠩ ᠳᠤ ᠭᠠᠷᠬᠤ ᠨᠤᠮᠧᠷ ᠨᠢ ᠳᠠᠷᠤᠢ ᠳᠠᠩᠰᠠᠯᠠᠭᠤᠯᠤᠭᠰᠠᠨ ᠭᠠᠷ ᠤᠲᠠᠰᠤᠨ ᠤ ᠨᠣᠮᠧᠷ ᠪᠣᠯᠣᠨ᠎ᠠ᠃      3. ᠳᠠᠩᠰᠠᠯᠠᠭᠤᠯᠬᠤ ᠭᠤᠶᠤᠴᠢᠯᠠᠯ᠃ ᠳᠠᠩᠰᠠᠯᠠᠭᠤᠯᠤᠭᠰᠠᠨ ᠤ ᠳᠠᠷᠠᠭ᠎ᠠ᠂ ᠲᠠᠪᠴᠠᠩ ᠳᠤ ᠭᠠᠷᠬᠤ ᠨᠢᠭᠤᠷ ᠲᠤ ᠪᠤᠴᠠᠵᠤ᠂ ᠲᠠᠩᠰᠠᠨ ᠨᠣᠮᠧᠷ ᠢᠶᠠᠨ ᠣᠷᠣᠭᠤᠯᠵᠤ᠂ ᠨᠢᠭᠤᠴᠠ ᠨᠣᠮᠧᠷ ᠤᠨ ᠲᠡᠮᠳᠡᠭᠯᠡᠬᠦ ᠰᠢᠰᠲ᠋ᠧᠮ ᠢ ᠴᠢᠳᠠᠮᠵᠢ ᠶᠢᠨ ᠨᠢᠭᠤᠷ ᠲᠤ ᠣᠷᠣᠭᠤᠯᠤᠨ᠎ᠠ᠃ ᠲᠣᠰ ᠨᠢᠭᠤᠷ ᠤᠨ ᠴᠢᠳᠠᠮᠵᠢ ᠶᠢᠨ ᠣᠷᠣᠬᠤ ᠡᠭᠦᠳᠡᠨ ᠳᠤ᠄ ︽ᠳᠠᠩᠰᠠᠯᠠᠭᠤᠯᠬᠤ ᠭᠤᠶᠤᠴᠢᠯᠠᠯ︾᠂ ︽ᠲᠡᠷᠭᠡ ᠬᠥᠰᠬᠡ ᠶᠢᠨ ᠬᠠᠮᠢᠶᠠᠷᠤᠯᠲᠠ︾᠂ ︽ᠲᠡᠭᠡᠭᠡᠪᠦᠷᠢ ᠶᠢᠨ ᠡᠬᠡ ᠲᠠᠩᠰᠠ︾ ᠵᠡᠷᠭᠡ ᠪᠣᠶ᠃ ᠲᠠᠪᠴᠠᠩ ᠳᠤ ᠭᠠᠷᠤᠭᠰᠠᠨ ᠤ ᠳᠠᠷᠠᠭ᠎ᠠ ︽ᠳᠠᠩᠰᠠᠯᠠᠭᠤᠯᠬᠤ ᠭᠤᠶᠤᠴᠢᠯᠠᠯ︾ ᠤᠨ ᠲᠣᠪᠴᠢ ᠶᠢ ᠳᠠᠷᠤᠵᠤ᠂ ᠲᠡᠷᠭᠡ ᠬᠥᠰᠬᠡ ᠶᠢᠨ ᠳᠠᠩᠰᠠᠯᠠᠭᠤᠯᠬᠤ ᠨᠢᠭᠤᠷ ᠲᠤ ᠣᠷᠣᠨ᠎ᠠ᠃      4. ᠮᠠᠲ᠋ᠧᠷᠢᠶᠠᠯ ᠢᠶᠠᠨ ᠲᠠᠭᠯᠠᠨ ᠪᠢᠴᠢᠨ᠎ᠡ᠃ ᠳᠠᠩᠰᠠᠯᠠᠭᠤᠯᠬᠤ ᠪᠠᠷ ᠭᠤᠶᠤᠴᠢᠯᠠᠬᠤ ᠨᠢᠭᠤᠷ ᠲᠤ ᠣᠷᠣᠵᠤ᠂ ᠳᠠᠩᠰᠠᠯᠠᠭᠤᠯᠬᠤ ᠴᠢᠬᠤᠯᠠᠲᠠᠢ ᠲᠣᠭᠤᠷᠢᠭ ᠰᠢᠶᠠᠨ ᠢ ᠰᠣᠩᠭᠤᠵᠤ᠂ ᠱᠠᠭᠠᠷᠳᠠᠯᠭ᠎ᠠ ᠶᠣᠰᠣᠭᠠᠷ ᠬᠤᠪᠢ ᠬᠥᠮᠥᠨ ᠤ ᠮᠡᠳᠡᠭᠡ ᠵᠠᠩᠭᠢ᠂ ᠲᠡᠷᠭᠡ ᠬᠥᠰᠬᠡ ᠶᠢᠨ ᠮᠡᠳᠡᠭᠡ ᠵᠠᠩᠭᠢ ᠵᠡᠷᠭᠡ ᠶᠢ ᠲᠠᠭᠯᠠᠵᠤ᠂ GPS ᠲᠥᠬᠦᠭᠡᠷᠦᠮᠵᠢ ᠶᠢ ᠲᠣᠬᠢᠷᠠᠭᠤᠯᠤᠭᠰᠠᠨ ᠤ ᠳᠠᠷᠠᠭ᠎ᠠ᠂ ᠲᠥᠬᠦᠭᠡᠷᠦᠮᠵᠢ ᠶᠢᠨ ᠳ᠋ᠤᠭᠠᠷᠯᠠᠯ ︵ᠲᠥᠬᠦᠭᠡᠷᠦᠮᠵᠢ ᠶᠢᠨ ᠳ᠋ᠤᠭᠠᠷᠯᠠᠯ 11 ︱ 15 ᠣᠷᠣᠨ︶ ᠢ ᠣᠷᠣᠭᠤᠯᠬᠤ ᠶᠢᠨ ᠬᠠᠮᠲᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠪᠠᠶᠢᠬᠤ ᠡᠰᠡᠬᠦ ᠶᠢ ᠲᠣᠪᠴᠢᠳᠠᠨ᠎ᠠ᠃ ᠲᠠᠭᠯᠠᠭᠰᠠᠨ ᠮᠡᠳᠡᠭᠡ ᠵᠠᠩᠭᠢ ᠨᠢ ᠡᠷᠬᠡᠪᠰᠢ ᠦᠨᠡᠨ ᠪᠣᠳᠠᠲᠠᠢ ᠪᠥᠭᠡᠳ ᠬᠦᠴᠦᠨ ᠲᠠᠢ ᠪᠠᠶᠢᠵᠤ᠂ ᠪᠣᠳᠠᠲᠤ ᠪᠠᠶᠢᠳᠠᠯ ᠲᠠᠢ ᠨᠡᠶᠢᠴᠡᠭᠰᠡᠨ ᠪᠠᠶᠢᠬᠤ ᠬᠡᠷᠡᠭᠲᠡᠢ᠂ ᠡᠮᠦᠨ᠎ᠡ ᠲᠠᠯ᠎ᠠ ᠳᠤ ︽*︾ ᠭᠡᠵᠦ ᠲᠡᠮᠳᠡᠭᠯᠡᠭᠰᠡᠨ ᠢ ᠵᠠᠪᠠᠯ ᠲᠠᠭᠯᠠᠬᠤ ᠵᠦᠢᠯ ᠪᠣᠯᠣᠨ᠎ᠠ᠂ ᠲᠠᠭᠯᠠᠵᠤ ᠪᠢᠴᠢᠬᠦ ᠦᠭᠡᠢ ᠪᠣᠯ ᠲᠤᠰᠢᠶᠠᠬᠤ ᠶᠢᠨ ᠠᠷᠭ᠎ᠠ ᠦᠭᠡᠢ᠃ ᠦᠨᠡᠮᠯᠡᠯ ᠤᠨ ᠲᠥᠷᠥᠯ ᠬᠡᠯᠪᠡᠷᠢ ᠨᠢ ᠨᠢᠭᠡᠴᠡ ᠪᠣᠯ ᠨᠢᠭᠡᠴᠡ ᠶᠢ ᠰᠣᠩᠭᠤᠵᠤ᠂ ᠨᠢᠭᠡᠴᠡ ᠶᠢ ᠳᠠᠩᠰᠠᠯᠠᠭᠤᠯᠬᠤ ᠳᠤ ᠡᠵᠡᠩᠨᠡᠯᠲᠡ ᠶᠢᠨ ᠦᠨᠡᠮᠯᠡᠯ ᠤᠨ ᠳ᠋ᠤᠭᠠᠷ ᠢ ᠲᠠᠭᠯᠠᠨ ᠪᠢᠴᠢᠬᠦ ᠬᠡᠷᠡᠭᠲᠡᠢ᠃      5. ᠬᠢᠨᠠᠨ ᠬᠠᠷᠭᠤᠭᠤᠯᠬᠤ᠃ ᠭᠤᠶᠤᠴᠢᠯᠠᠵᠤ ᠳᠠᠭᠤᠰᠤᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ ᠠᠮᠢᠲᠠᠨ ᠤ ᠬᠢᠵᠢᠭ ᠢ ᠪᠠᠶᠢᠴᠠᠭᠠᠬᠤ ᠪᠠᠶᠢᠭᠤᠯᠤᠮᠵᠢ ︵ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ︶ ᠶᠢᠨ ᠬᠠᠷᠢᠭᠤᠴᠠᠯᠭᠠᠲᠠᠨ ᠲᠠᠢ ᠬᠠᠷᠢᠯᠴᠠᠵᠤ ᠬᠢᠨᠠᠨ ᠬᠠᠷᠭᠤᠭᠤᠯᠤᠨ᠎ᠠ᠂ ᠬᠡᠷᠪᠡ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠲᠡᠷᠭᠡ ᠬᠥᠰᠬᠡ ᠶᠢᠨ ᠬᠠᠮᠢᠶᠠᠷᠤᠯᠲᠠ ᠶᠢᠨ ᠬᠡᠰᠡᠭ ᠤᠨ ᠪᠤᠴᠠᠭᠠᠬᠤ ᠭᠠᠵᠠᠷ ᠲᠤ ᠲᠡᠷᠭᠡ ᠬᠥᠰᠬᠡ ᠶᠢᠨ ᠨᠠᠷᠢᠨ ᠪᠠᠶᠢᠳᠠᠯ ᠢ ᠨᠡᠭᠡᠭᠡᠵᠦ᠂ ᠪᠠᠷᠠᠭᠤᠨ ᠳᠡᠭᠡᠷ᠎ᠡ ᠥᠨᠴᠥᠭ ᠤᠨ ︽ᠠᠵᠢᠯᠯᠠᠭᠤᠯᠬᠤ︾ ᠲᠣᠪᠴᠢ ᠶᠢ ᠳᠠᠷᠤᠵᠤ ᠲᠡᠷᠭᠡ ᠬᠥᠰᠬᠡ ᠶᠢᠨ ᠮᠡᠳᠡᠭᠡ ᠵᠠᠩᠭᠢ ᠶᠢ ᠵᠠᠰᠠᠵᠤ ᠳᠠᠬᠢᠨ ᠲᠤᠰᠢᠶᠠᠨ᠎ᠠ᠃ ᠳᠠᠩᠰᠠᠯᠠᠭᠤᠯᠤᠭᠰᠠᠨ ᠮᠠᠯ ᠵᠢᠭᠦᠷᠲᠡᠨ ᠤ ᠲᠡᠭᠡᠭᠡᠪᠦᠷᠢ ᠶᠢᠨ ᠲᠡᠷᠭᠡ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠠᠶᠢᠵᠤ᠂ ᠬᠤᠭᠤᠴᠠᠭ᠎ᠠ ᠲᠤᠯᠬᠤ ᠠᠴᠠ ᠡᠮᠦᠨ᠎ᠡ ᠲᠡᠷᠭᠡᠨ ᠤ ᠡᠵᠡᠨ ᠴᠠᠭ ᠲᠤᠬᠠᠢ ᠳᠤᠨᠢ ᠬᠤᠭᠤᠴᠠᠭ᠎ᠠ ᠶᠢ ᠨᠢ ᠤᠷᠲᠤᠳᠬᠠᠭᠠᠷᠠᠢ᠃      6. ᠡᠯᠧᠺᠲᠷᠣᠨ ᠢᠶᠠᠷ ᠳᠠᠩᠰᠠᠯᠠᠭᠤᠯᠬᠤ ᠬᠦᠰᠦᠨᠦᠭᠲᠦ᠃ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ᠂ ᠳᠠᠩᠰᠠᠯᠠᠭᠤᠯᠤᠭᠴᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠳᠤᠮᠳᠠ ᠳᠠᠩᠰᠠᠯᠠᠭᠤᠯᠵᠤ ᠬᠢᠨᠠᠨ ᠬᠠᠷᠭᠤᠭᠤᠯᠤᠭᠰᠠᠨ ᠠᠬᠢᠴᠠ ᠶᠢ ᠪᠠᠶᠢᠴᠠᠭᠠᠨ ᠦᠵᠡᠵᠦ᠂ ᠬᠡᠷᠪᠡ ᠬᠢᠨᠠᠨ ᠬᠠᠷᠭᠤᠭᠤᠯᠤᠭᠰᠠᠨ ᠤ ᠳᠠᠷᠠᠭ᠎ᠠ ᠳᠠᠩᠰᠠᠯᠠᠭᠤᠯᠤᠭᠰᠠᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠣᠯ ᠬᠢᠨᠠᠨ ᠬᠠᠷᠭᠤᠭᠤᠯᠤᠭᠴᠢ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠶ᠋ᠢ ᠵᠠᠰᠠᠪᠤᠷᠢ ᠣᠷᠣᠭᠤᠯᠵᠤ ᠪᠣᠯᠣᠨ᠎ᠠ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠲᠡᠷᠭᠡᠨ ᠤ ᠡᠵᠡᠨ ᠲᠠᠪᠴᠠᠩ ᠳᠡᠭᠡᠷ᠎ᠡ ᠠᠴᠠ ᠥᠪᠡᠷ ᠤᠨ ᠲᠡᠷᠭᠡᠨ ᠤ ᠪᠠᠨ ᠳᠠᠩᠰᠠᠯᠠᠯᠲᠠ ᠶᠢᠨ ᠡᠯᠧᠺᠲᠷᠣᠨ ᠬᠦᠰᠦᠨᠦᠭᠲᠦ ᠶᠢ ᠡᠷᠢᠵᠦ ᠣᠯᠵᠤ ᠪᠣᠯᠣᠨ᠎ᠠ᠃      7. ᠠᠶᠠᠯᠠᠯ ᠤᠨ ᠶᠠᠪᠤᠴᠠ ᠶᠢᠨ ᠲᠡᠮᠳᠡᠭᠯᠡᠯ ᠪᠠ ᠤᠬᠢᠶᠠᠵᠤ ᠠᠷᠢᠭᠤᠳᠬᠠᠭᠰᠠᠨ ᠲᠡᠮᠳᠡᠭᠯᠡᠯ᠃ ᠲᠡᠭᠡᠭᠡᠪᠦᠷᠢ ᠶᠢᠨ ᠲᠡᠷᠭᠡᠨ ᠤ ᠡᠵᠡᠨ ᠲᠡᠭᠡᠭᠡᠪᠦᠷᠢᠯᠡᠬᠦ ᠶᠠᠪᠤᠴᠠ ᠳᠠᠭᠠᠨ ᠲᠡᠭᠡᠭᠡᠪᠦᠷᠢ ᠶᠢᠨ ᠡᠬᠡ ᠲᠡᠩᠰᠠ ᠪᠠᠶᠢᠭᠤᠯᠬᠤ ᠬᠡᠷᠡᠭᠲᠡᠢ᠃ ᠲᠡᠭᠡᠭᠡᠪᠦᠷᠢ ᠶᠢᠨ ᠲᠡᠷᠭᠡᠨ ᠤ ᠡᠵᠡᠨ ᠨᠢ ᠠᠶᠠᠨ ᠵᠠᠮ ᠡᠬᠢᠯᠡᠬᠦ ᠦᠶ᠎ᠡ ᠳᠤ ᠲᠠᠪᠴᠠᠩ ᠳᠡᠭᠡᠷᠡᠬᠢ ︽ᠠᠶᠠᠨ ᠵᠠᠮ ᠤᠨ ᠳᠠᠩᠰᠠᠯᠠᠯᠲᠠ︾ ᠵᠢᠴᠢ ︽ᠤᠬᠢᠶᠠᠵᠤ ᠠᠷᠢᠯᠭᠠᠬᠤ ᠳᠠᠩᠰᠠᠯᠠᠯᠲᠠ︾ ᠶᠢ ᠬᠢᠬᠦ ᠬᠡᠷᠡᠭᠲᠡᠢ᠃ ᠲᠡᠭᠡᠭᠡᠪᠦᠷᠢᠯᠡᠵᠦ ᠡᠬᠢᠯᠡᠭᠰᠡᠨ ᠤ ᠳᠠᠷᠠᠭ᠎ᠠ ︽ᠠᠶᠠᠯᠠᠯ ᠤᠨ ᠳᠠᠩᠰᠠᠯᠠᠯᠲᠠ︾ ᠪᠠ ︽ᠤᠬᠢᠶᠠᠵᠤ ᠠᠷᠢᠯᠭᠠᠬᠤ ᠳᠠᠩᠰᠠᠯᠠᠯᠲᠠ︾ ᠶᠢᠨ ᠲᠣᠪᠴᠢ ᠶᠢ ᠳᠠᠷᠤᠵᠤ ᠬᠠᠭᠤᠳᠠᠰᠤᠨ ᠳᠤ ᠣᠷᠣᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠠᠶᠠᠯᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠪᠢᠴᠢᠵᠦ ᠣᠷᠣᠭᠤᠯᠤᠨ᠂ ᠬᠢᠵᠢᠭ ᠪᠠᠶᠢᠴᠠᠭᠠᠬᠤ ᠭᠠᠵᠠᠷ ᠣᠷᠣᠨ ᠪᠠ ᠬᠦᠷᠬᠦ ᠭᠠᠵᠠᠷ ᠢ ᠰᠣᠩᠭᠤᠨ᠎ᠠ᠃ ᠠᠷᠢᠭᠤᠳᠬᠠᠭᠰᠠᠨ ᠲᠡᠮᠳᠡᠭᠯᠡᠯ ᠢ ᠲᠠᠭᠯᠠᠵᠤ᠂ ᠱᠠᠭᠠᠷᠳᠠᠯᠭ᠎ᠠ ᠶᠣᠰᠣᠭᠠᠷ ᠲᠣᠪᠴᠢᠳᠠᠨ ᠳᠠᠷᠤᠵᠤ ᠲᠤᠰᠢᠶᠠᠪᠠᠯ ᠪᠣᠯᠴᠢᠬᠠᠨ᠎ᠠ᠃
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号