ᠮᠠᠨ ᠤ ᠣᠷᠣᠨ ᠬᠠᠯᠠᠭᠤᠨ ᠳᠤ ᠲᠡᠰᠪᠦᠷᠢᠲᠡᠢ SLICK ᠮᠢᠬᠠᠨ ᠤ ᠦᠬᠡᠷ ᠤᠨ ᠰᠢᠨ᠎ᠡ ᠤᠳᠤᠮ ᠢ ᠪᠣᠶᠢᠵᠢᠭᠤᠯᠵᠤ ᠡᠬᠢᠯᠡᠯ᠎ᠡ
ᠨᠡᠶᠢᠲᠡᠯᠡᠭᠰᠡᠨ ᠴᠠᠭ᠄
2024/7/15
      ᠲᠦᠷᠦᠭᠦᠬᠡᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠤᠷᠢᠨᠭᠡᠷ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠠᠮᠢᠲᠠᠨ ᠤ ᠦᠷ᠎ᠡ ᠡᠳ᠋ ᠤᠨ ᠰᠢᠨ᠎ᠡ ᠶᠢ ᠡᠭᠦᠳᠬᠦ ᠬᠢᠭᠡᠳ ᠦᠷᠡᠵᠢᠭᠦᠯᠦᠨ ᠪᠣᠶᠢᠵᠢᠭᠤᠯᠬᠤ ᠰᠠᠭᠤᠷᠢᠨ  ᠳᠤ ︽SLICK ᠠᠩᠭᠧᠰ ᠮᠢᠬᠠᠨ ᠤ ᠦᠬᠡᠷ︾ ᠤᠨ ᠬᠥᠮᠥᠨ ᠤ ᠬᠦᠴᠦ ᠪᠠᠷ ᠦᠷ᠎ᠡ ᠠᠪᠬᠤ᠂ ᠢᠴᠡᠭᠡᠯ ᠦᠷ᠎ᠡ ᠦᠢᠯᠡᠳᠬᠦ ᠪᠠ ᠬᠡᠭᠡᠯᠲᠦᠭᠦᠯᠭᠡ ᠬᠢᠬᠦ ᠠᠵᠢᠯ ᠢ ᠠᠮᠵᠢᠯᠲᠠ ᠲᠠᠢ ᠪᠡᠶᠡᠯᠡᠭᠦᠯᠪᠡ᠃ ᠡᠨᠡ ᠨᠢ ᠮᠠᠨ ᠤ ᠣᠷᠣᠨ ᠬᠠᠯᠠᠭᠤᠨ  ᠳᠤ ᠲᠡᠰᠪᠦᠷᠢᠲᠡᠢ SLICK ᠮᠢᠬᠠᠨ ᠤ ᠦᠬᠡᠷ ᠤᠨ ᠰᠢᠨ᠎ᠡ ᠤᠳᠤᠮ ᠢ ᠪᠡᠶ᠎ᠡ ᠪᠠᠨ ᠳᠠᠭᠠᠭᠠᠨ ᠪᠣᠶᠢᠵᠢᠭᠤᠯᠵᠤ ᠡᠬᠢᠯᠡᠭᠰᠡᠨ ᠢ ᠬᠠᠷᠠᠭᠤᠯᠵᠤ᠂ ᠮᠠᠨ ᠤ ᠤᠯᠤᠰ ᠤᠨ ︽ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠬᠦ︾  ᠶᠢ ᠪᠡᠶᠡᠯᠡᠭᠦᠯᠬᠦ ᠳᠤ ᠢᠳᠡᠪᠬᠢ ᠬᠤᠪᠢ ᠨᠡᠮᠡᠷᠢ ᠦᠵᠡᠭᠦᠯᠭᠦ ᠪᠣᠯᠣᠨ᠎ᠠ᠃      ᠣᠶᠢᠷ᠎ᠠ ᠶᠢᠨ ᠵᠢᠯ ᠳᠤ ᠡᠷᠴᠢᠮᠵᠢᠭᠦᠯᠦᠨ ᠲᠡᠵᠢᠭᠡᠬᠦ ᠦᠢᠯᠡᠰ ᠤᠨ ᠦᠳᠲᠡᠷ ᠲᠦᠷᠭᠡᠨ ᠬᠥᠭᠵᠢᠯᠲᠡ ᠪᠣᠯᠣᠨ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠲᠤᠯᠠᠭᠠᠷᠠᠯᠳᠠ ᠶᠢ ᠳᠠᠭᠠᠯᠳᠤᠨ᠂ ᠵᠤᠨ ᠤ ᠤᠯᠠᠷᠢᠯ ᠤᠨ ᠠᠭᠠᠭᠢᠮ᠎ᠠ ᠬᠠᠯᠠᠭᠤᠨ ᠣᠷᠴᠢᠨ ᠲᠣᠭᠤᠷᠢᠨ ᠨᠢ ᠦᠨᠢᠶ᠎ᠡ ᠶᠢᠨ ᠦᠷᠡᠵᠢᠯ ᠤᠨ ᠴᠢᠳᠠᠪᠤᠷᠢ ᠶᠢ ᠮᠠᠭᠤᠳᠠᠭᠤᠯᠤᠨ᠂ ᠰᠦ ᠶᠢᠨ ᠭᠠᠷᠤᠯᠲᠠ ᠶᠢ ᠪᠠᠭᠤᠷᠠᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠨᠥᠯᠥᠭᠡᠯᠡᠬᠦ ᠪᠣᠯᠵᠠᠢ᠃ ᠡᠨᠡ ᠬᠦ ᠲᠡᠵᠢᠭᠡᠨ ᠦᠷᠡᠵᠢᠭᠦᠯᠬᠦ ᠪᠠ ᠡᠭᠦᠯᠳᠡᠷ ᠪᠣᠶᠢᠵᠢᠭᠤᠯᠬᠤ ᠬᠦᠴᠢᠷ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠤ ᠬᠠᠮᠲᠤ ᠪᠠᠷ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠠᠮᠢᠲᠠᠨ ᠤ ᠦᠷᠡᠵᠢᠯ ᠤᠨ ᠲᠣᠬᠢᠷᠠᠭᠤᠯᠤᠯᠲᠠ ᠪᠠ ᠲᠥᠯᠵᠢᠯ ᠤᠨ ᠤᠯᠤᠰ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ ᠤᠨ ᠦᠬᠡᠷ ᠤᠨ ᠤᠳᠤᠮᠯᠠᠯ ᠢ ᠰᠠᠶᠢᠵᠢᠷᠠᠭᠤᠯᠬᠤ ᠪᠠ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠪᠦᠯᠭᠦᠮ ᠨᠢ ︽ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ 2030︾᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠪᠠ ᠦᠷ᠎ᠡ ᠶᠢᠨ ᠦᠢᠯᠡᠰ ᠤᠨ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠵᠡᠷᠭᠡ ᠲᠥᠷᠥᠯ ᠵᠦᠢᠯ ᠤᠨ ᠳᠡᠮᠵᠢᠯᠭᠡ ᠪᠠᠷ ︽SLICK ᠠᠩᠭᠧᠰ ᠮᠢᠬᠠᠨ ᠤ ᠦᠬᠡᠷ︾ ᠤᠨ ᠰᠢᠨ᠎ᠡ ᠦᠷ᠎ᠡ ᠡᠳ᠋ ᠢ ᠡᠭᠦᠳᠬᠦ ᠰᠤᠳᠤᠯᠭᠠᠨ ᠢ ᠥᠷᠨᠢᠭᠦᠯᠪᠡ᠃ ᠲᠤᠰ ᠪᠦᠯᠭᠦᠮ ᠤᠨ ᠬᠢᠨ ᠡᠮᠦᠨᠡᠬᠢ ᠬᠤᠭᠤᠴᠠᠭᠠᠨ ᠤ ᠪᠣᠶᠢᠵᠢᠭᠤᠯᠤᠭᠰᠠᠨ 3 ᠰᠢᠨ᠎ᠡ ᠤᠳᠤᠮᠯᠠᠯ ᠤᠨ ︽ᠬᠤᠣᠰ ᠪᠤᠯᠴᠢᠩᠲᠤ ᠦᠬᠡᠷ︾ ᠲᠤ ᠲᠦᠰᠢᠭᠯᠡᠨ ᠭᠧᠨ ᠤ ᠵᠢᠭᠰᠠᠯ ᠤᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠠᠷᠭ᠎ᠠ ᠪᠠᠷ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠪᠦᠬᠦᠢ ︽SLICK ᠠᠩᠭᠧᠰ ᠮᠢᠬᠠᠨ ᠤ ᠦᠬᠡᠷ︾ ᠤᠨ ᠡᠭᠦᠯᠳᠡᠷ ᠪᠣᠶᠢᠵᠢᠭᠤᠯᠬᠤ ᠰᠢᠨ᠎ᠡ ᠮᠠᠲ᠋ᠧᠷᠢᠶᠠᠯ ᠢ ᠠᠮᠵᠢᠯᠲᠠ ᠲᠠᠢ ᠣᠯᠪᠠ᠃      ᠣᠶᠢᠯᠠᠭᠠᠭᠰᠠᠨ ᠢᠶᠠᠷ᠂ ᠲᠣᠰ ᠦᠷ᠎ᠡ ᠪᠦᠲᠦᠭᠡᠯ ᠨᠢ ᠳᠦᠷᠰᠦ ᠶᠢᠨ ᠪᠡᠯᠭᠡ ᠲᠡᠮᠳᠡᠭ ᠢᠶᠠᠷ ᠰᠣᠩᠭᠤᠨ ᠪᠣᠶᠢᠵᠢᠭᠤᠯᠬᠤ ᠤᠯᠠᠮᠵᠢᠯᠠᠯᠲᠤ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠱᠤᠭᠤᠮ ᠢ ᠡᠪᠳᠡᠵᠦ᠂ ᠡᠭᠦᠯᠳᠡᠷ ᠪᠣᠶᠢᠵᠢᠭᠤᠯᠬᠤ ᠡᠩ ᠤᠨ ᠬᠤᠭᠤᠴᠠᠭ᠎ᠠ ᠶᠢ ᠤᠤᠯ ᠤᠨ 10 - 15 ᠵᠢᠯ ᠪᠠᠶᠢᠭᠰᠠᠨ ᠢ 3 - 5 ᠵᠢᠯ ᠪᠣᠯᠭᠠᠨ ᠪᠣᠭᠤᠨᠢᠰᠬᠠᠪᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号