ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
      7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠡᠯ᠎ᠡ ᠰᠠᠯᠠᠭ᠎ᠠ ᠮᠥᠴᠢᠷ ᠤᠨ ᠳᠡᠭᠡᠷ᠎ᠡ ᠬᠠᠭᠠᠰ ᠵᠢᠯ ᠤᠨ ᠠᠵᠢᠯ ᠢ ᠠᠬᠢᠭᠤᠯᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠵᠢᠴᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠭᠦᠸᠧ ᠬᠤᠷᠠᠯ ᠢ ᠡᠷᠬᠢᠯᠡᠪᠡ᠃ 
1.jpg
       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠠᠢ᠃ ᠰᠢᠶᠠᠩ ᠤᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠭᠠᠵᠠᠷ᠂ ᠬᠠᠪᠰᠤᠷᠤᠨ ᠲᠡᠳᠬᠦᠬᠦ ᠭᠠᠵᠠᠷ᠂ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠭᠵᠢᠭᠦᠯᠦᠯᠳᠡ ᠶᠢᠨ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠶᠢ ᠬᠢᠨᠠᠨ ᠬᠡᠮᠵᠢᠬᠦ ᠲᠥᠪ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠩ ᠬᠤᠸᠠ ᠵᠧᠨ ᠨᠢᠭᠡᠳ ᠨᠢᠭᠡ ᠪᠠᠷ ᠦᠨᠡᠯᠡᠯᠲᠡ ᠬᠢᠵᠦ ᠴᠢᠬᠤᠯᠠᠴᠢᠯᠠᠪᠠ᠃ ᠵᠠᠩ ᠬᠤᠸᠠ ᠵᠧᠨ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢ ᠣᠶᠢᠯᠠᠭᠠᠬᠤ ᠰᠠᠬᠢᠯᠭ᠎ᠠ ᠪᠠᠲᠤ ᠶᠢ ᠰᠠᠬᠢᠬᠤ ᠦᠢᠯᠡᠳᠦᠯᠭᠡᠵᠢᠭᠦᠯᠦᠭᠴᠢ ᠪᠣᠯᠣᠶ᠎ᠠ︾ ᠭᠡᠬᠦ ᠰᠡᠳᠦᠪ ᠢᠶᠠᠷ ᠰᠠᠬᠢᠯᠭ᠎ᠠ ᠪᠠᠲᠤ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ᠂ ︽ᠥᠪᠥᠷ ᠮᠣᠩᠭᠤᠯ ᠤᠨ ᠬᠠᠭᠤᠳᠠᠰᠤ︾ ᠶᠢ ᠰᠠᠶᠢᠲᠤᠷ ᠰᠤᠷᠤᠯᠴᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠣᠨᠣᠪᠴᠢᠲᠠᠶ ᠡᠷᠢᠵᠦ᠂ ᠥᠭᠡᠷᠡᠴᠢᠯᠡᠯᠲᠡ ᠶᠢᠨ ᠰᠡᠳᠬᠢᠬᠦᠢ᠂ ᠲᠣᠭᠲᠠᠴᠠ ᠶᠢᠨ ᠠᠷᠭ᠎ᠠ ᠪᠠᠷ ᠦᠨᠳᠦᠰᠦ ᠰᠤᠷᠪᠤᠯᠵᠢ ᠠᠴᠠ ᠨᠢ ᠳᠤᠲᠠᠭᠳᠠᠯ ᠢᠶᠠᠨ ᠵᠠᠯᠠᠷᠠᠭᠤᠯᠵᠤ᠂ ᠪᠠᠶᠢᠭᠤᠯᠭ᠎ᠠ ᠪᠠᠷ ᠰᠢᠰᠲ᠋ᠧᠮ ᠢ ᠳᠠᠭᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠰᠡᠷᠭᠡᠶᠢᠯᠡᠯᠲᠡ ᠶᠢᠨ ᠱᠤᠭᠤᠮ︾ ᠮᠥᠨ᠃ ᠪᠦᠬᠦ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠢᠷᠤᠮᠯᠠᠬᠤ ᠤᠬᠠᠮᠰᠠᠷ ᠢᠶᠠᠨ ᠴᠢᠩᠭᠠᠳᠬᠠᠬᠤ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠡᠭᠦᠨ ᠤ ᠤᠯᠠᠮ ᠠᠴᠠ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠬᠢᠨᠠᠨ ᠰᠢᠯᠭᠠᠬᠤ ᠪᠣᠯ ︽ᠳᠣᠬᠢᠭᠤᠷ︾ ᠮᠥᠨ᠃ ᠡᠯ᠎ᠡ ᠰᠠᠯᠠᠭ᠎ᠠ ᠮᠥᠴᠢᠷ ᠤᠨ  ᠬᠢᠨ ᠡᠭᠦᠷᠭᠡ ᠴᠢᠳᠠᠪᠬᠢ ᠪᠠᠨ ᠪᠠᠭᠲᠠᠭᠠᠵᠤ᠂ ᠠᠵᠢᠯ ᠢᠶᠠᠨ ᠪᠠᠭᠲᠠᠭᠠᠵᠤ᠂ ᠥᠪᠡᠷ ᠢ ᠪᠠᠨ ᠪᠠᠭᠲᠠᠭᠠᠵᠤ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠠᠨᠠᠭᠠᠴᠢᠯᠠᠭᠠᠲᠤ ᠪᠤᠰᠤ ᠪᠠᠶᠢᠳᠠᠯ ᠢ ᠰᠠᠨᠠᠭᠠᠴᠢᠯᠠᠭᠠᠲᠤ ᠪᠣᠯᠭᠠᠵᠤ᠂ ᠠᠵᠢᠯ ᠢᠶᠠᠨ ᠡᠷᠲᠡ ᠲᠥᠯᠥᠪᠵᠢᠭᠦᠯᠵᠦ᠂ ᠡᠷᠲᠡᠬᠡᠨ ᠪᠠᠶᠢᠷᠢᠯᠠᠭᠤᠯᠵᠤ᠂ ᠡᠷᠲᠡᠬᠡᠨ ᠬᠦᠴᠦᠯᠡᠬᠦ ᠶᠢ ᠠᠬᠢᠭᠤᠯᠵᠤ᠂ ᠠᠵᠢᠯ ᠢᠶᠠᠨ ᠪᠣᠳᠠᠲᠠᠢ ᠬᠢᠵᠦ᠂ ᠭᠦᠨᠵᠡᠭᠡᠢ ᠠᠳᠬᠤᠵᠤ᠂ ᠬᠢᠬᠦ ᠶᠢ ᠪᠣᠲᠠᠲᠠᠶᠢᠵᠢᠭᠤᠯᠵᠤ᠂ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠲᠣᠭᠲᠠᠭᠠᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠪᠦᠬᠦ ᠨᠠᠮ ᠤᠨ ᠭᠡᠰᠢᠭᠦᠨ ᠺᠠᠳ᠋ᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠳᠡᠭᠡᠭᠰᠢᠯᠡᠭᠦᠯᠬᠦ ᠬᠡᠷᠡᠭᠲᠡᠢ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨ ᠪᠣᠳᠠᠲᠠᠶᠢᠵᠢᠭᠤᠯᠬᠤ ᠬᠡᠷᠡᠭᠲᠡᠢ︔ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ ᠲᠠᠯ᠎ᠠ ᠪᠠᠷ ᠳᠠᠬᠢᠨᠲᠠ ᠪᠣᠳᠠᠲᠠᠢ ᠶᠢ ᠡᠷᠬᠢᠮᠯᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠦᠴᠦᠯᠡᠨ ᠴᠢᠷᠮᠠᠶᠢᠵᠤ᠂ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠡᠢ᠃      ᠲᠢᠩᠬᠢᠮ ᠤᠨ ᠪᠠᠶᠢᠭᠤᠯᠭ᠎ᠠ ᠶᠢᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠦᠢᠯᠡᠰ ᠢ ᠠᠬᠢᠭᠤᠯᠬᠤ ᠭᠠᠵᠠᠷ᠂ ᠬᠠᠪᠰᠤᠷᠤᠨ ᠲᠡᠳᠬᠦᠬᠦ ᠭᠠᠵᠠᠷ᠂ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠭᠵᠢᠭᠦᠯᠦᠯᠳᠡ ᠶᠢᠨ ᠲᠥᠪ᠂ ᠮᠡᠳᠡᠭᠡ ᠵᠠᠩᠭᠢ ᠶᠢ ᠬᠢᠨᠠᠨ ᠬᠡᠮᠵᠢᠬᠦ ᠲᠥᠪ ᠤᠨ ᠪᠦᠬᠦ ᠠᠵᠢᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号