ᠤᠯᠠᠭᠠᠨᠬᠠᠳᠠ ᠬᠤᠲᠠ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/7/16
      ᠪᠥᠬᠦ ᠬᠤᠲᠠ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠰᠤ ᠠᠮᠤ ᠶᠢᠨ ᠵᠥᠷᠢᠴᠡᠯ ᠢ ᠰᠢᠢᠳᠪᠦᠷᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠦᠪᠡᠭᠴᠢᠯᠡᠨ ᠰᠢᠢᠳᠪᠦᠷᠢᠯᠡᠬᠦ ᠶᠢᠨ ᠲᠥᠯᠥᠭᠡ᠂ 7 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠪᠥᠬᠦ ᠬᠤᠲᠠ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ᠂ ᠪᠣᠯᠪᠠᠰᠤᠷᠠᠭᠤᠯᠤᠯ ᠤᠨ ᠠᠩᠭᠢ ᠨᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠬᠢᠭᠡᠳ ᠰᠢᠷᠣᠢ ᠮᠣᠳᠣᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠯᠢ ᠶᠦᠨ ᠺᠠᠢ ᠫᠷᠤᠹᠧᠰᠰᠤᠷ ᠢ ᠤᠷᠢᠵᠤ ᠬᠢᠴᠢᠶᠡᠯᠯᠡᠭᠦᠯᠪᠡ᠃ 
图片1.png
     ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠᠶᠢᠯᠠᠰᠤ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠪᠠ᠂ ᠲᠡᠷᠡ ᠴᠢᠬᠤᠯᠠᠴᠢᠯᠠᠭᠰᠠᠨ ᠨᠢ᠂ ᠤᠯᠠᠭᠠᠨᠬᠠᠳᠠ ᠬᠤᠲᠠ ᠣᠲᠣ ᠦᠶ᠎ᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠪᠦᠲᠦᠭᠡᠨ ᠪᠠᠶᠢᠭᠤᠯᠬᠤ ᠪᠤᠯ ᠵᠠᠪᠠᠯ ᠬᠢᠬᠦ ᠶᠠᠪᠤᠳᠠᠯ ᠪᠣᠯᠤᠨ᠎ᠠ᠂ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠴᠢᠬᠤᠯᠠ ᠭᠠᠷᠳᠠᠴᠠ ᠪᠣᠯᠭᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠭᠡᠨ ᠤ ᠪᠦᠷᠬᠦᠴᠡ ᠶᠢᠨ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
图片2.png
       ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠬᠢᠭᠡᠳ ᠰᠢᠷᠣᠢ ᠮᠣᠳᠣᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠶᠦᠨ ᠺᠠᠢ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠬᠥᠭᠵᠢᠭᠦᠯᠬᠦ ᠠᠬᠤᠢ ᠪᠠᠶᠢᠳᠠᠯ ᠬᠢᠭᠡᠳ ᠠᠴᠢ ᠬᠤᠯᠪᠣᠭᠳᠠᠯ᠂ ᠶᠡᠭᠡ ᠲᠠᠷᠢᠶᠠᠨ ᠭᠠᠵᠠᠷ ᠬᠢᠭᠡᠳ ᠲᠥᠬᠦᠭᠡᠷᠦᠮᠵᠢᠲᠦ ᠲᠠᠷᠢᠮᠠᠯ ᠤᠨ ᠰᠦᠷᠴᠢᠵᠦ ᠳᠤᠰᠤᠯᠭᠠᠨ ᠤᠰᠤᠯᠠᠬᠤ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ᠂ ᠳᠤᠰᠤᠯᠭᠠᠨ ᠤᠰᠤᠯᠠᠬᠤ ᠰᠢᠰᠲ᠋ᠧᠮ ᠢ ᠴᠢᠳᠠᠮᠵᠢᠵᠢᠭᠤᠯᠬᠤ ᠬᠢᠭᠡᠳ ᠪᠦᠬᠦᠯᠢ ᠴᠣᠭᠴᠠ ᠪᠠᠷ  ᠨᠢ ᠰᠢᠢᠳᠪᠦᠷᠢᠯᠡᠬᠦ ᠲᠥᠰᠥᠯ᠂ ᠰᠦᠷᠴᠢᠵᠦ ᠳᠤᠰᠤᠯᠭᠠᠨ ᠤᠰᠤᠯᠠᠬᠤ ᠰᠢᠰᠲ᠋ᠧᠮ ᠢ ᠣᠶᠤᠨᠴᠢ ᠬᠠᠮᠢᠶᠠᠷᠤᠨ ᠡᠵᠡᠮᠳᠡᠬᠦ ᠮᠡᠷᠭᠡᠵᠢᠯ ᠬᠢᠭᠡᠳ ᠲᠠᠪᠴᠠᠩ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠰᠢᠰᠲ᠋ᠧᠮ ᠤᠨ ᠠᠵᠢᠯᠯᠠᠭᠠᠨ ᠬᠢᠭᠡᠳ ᠬᠠᠮᠠᠭᠠᠯᠠᠯᠳᠠ ᠵᠡᠷᠭᠡ ᠲᠠᠪᠤᠨ ᠲᠠᠯ᠎ᠠ ᠠᠴᠠ ︽ᠰᠦᠷᠴᠢᠵᠦ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠬᠢᠭᠡᠳ ᠣᠶᠤᠨᠴᠢ ᠬᠠᠮᠢᠶᠠᠷᠤᠯᠳᠠ ᠡᠵᠡᠮᠳᠡᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠥᠭᠡᠳ ᠥᠨᠳᠥᠷ ᠪᠦᠲᠦᠮᠵᠢᠲᠡᠶ ᠤᠰᠤ ᠠᠷᠪᠢᠯᠠᠬᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠠᠬᠤᠢ ᠲᠠᠯᠠᠪᠠᠶ ᠳᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠪᠡ᠃
图片3.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠦᠷᠦᠰᠦ ᠰᠢᠷᠤᠢ ᠪᠣᠷᠳᠣᠭᠤᠷ ᠤᠨ ᠤᠰᠤ ᠠᠷᠪᠢᠯᠠᠬᠤ ᠭᠠᠵᠠᠷ ᠤᠨ ᠳᠠᠷᠤᠭ᠎ᠠ ᠦᠵᠦᠮ᠂ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠰᠢᠤᠸᠠᠢ ᠷᠦᠢ ᠮᠢᠩ᠂ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠠᠯᠠᠭᠠᠨ ᠤ ᠳᠠᠷᠤᠭ᠎ᠠ ᠵᠠᠩ ᠴᠧᠩ ᠤᠷᠢᠯᠭ᠎ᠠ ᠪᠠᠷ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠡᠾᠦ᠋ᠢ ᠵᠥᠩ ᠪᠠ ᠬᠠᠮᠢᠶ᠎ᠠ ᠪᠦᠬᠦᠢ ᠮᠡᠷᠭᠡᠵᠢᠯᠲᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠮᠠᠯ ᠤᠨ ᠦᠢᠯᠡᠰ ᠪᠠ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠮᠡᠷᠭᠡᠵᠢᠯᠲᠡᠨ᠂ ᠤᠯᠠᠭᠠᠨᠬᠠᠳᠠ ᠬᠤᠲᠠ ᠶᠢᠨ ᠴᠢᠶᠠᠩ ᠪᠧᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠠᠵᠢᠯᠲᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠵᠡᠷᠭᠡ 130 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号