7 ᠰᠠᠷ᠎ᠠ ᠶᠢᠨ 14 ᠤ ᠡᠳᠦᠷ᠂ 2024 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ | ᠬᠢᠷᠢ ᠬᠡᠮ ᠤᠨ ᠰᠢᠯᠭᠠᠯᠲᠠ ︵ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ︶ ᠲᠣᠰ ᠲᠣᠰ ᠬᠥᠬᠡᠬᠤᠲᠠ ᠶᠢᠨ | ᠥᠪᠥᠷ ᠮᠣᠩᠭᠤᠯ ᠤᠨ ᠴᠠᠩ ᠴᠧᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ᠂ ᠥᠪᠥᠷ ᠮᠣᠩᠭᠤᠯ ᠤᠨ ᠰᠢᠨ | ᠱᠢ ᠶᠧ ᠰᠢᠯᠭᠠᠯᠲᠠ ᠶᠢᠨ ᠲᠥᠪ ᠪᠠ ᠲᠦᠩᠯᠢᠶᠣᠣ ᠬᠤᠲᠠ ᠶᠢᠨ ᠲᠦᠩᠯᠢᠶᠣᠣ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠮᠧᠩ ᠳ᠋ᠦᠩ ᠣᠶᠤᠨᠴᠢ ᠰᠢᠯᠭᠠᠯᠲᠠ ᠶᠢᠨ ᠠᠵᠤ ᠦᠢᠯᠡᠰ ᠤᠨ ᠬᠦᠷᠢᠶᠡᠯᠡᠩ ᠵᠡᠷᠭᠡ 4 ᠰᠢᠯᠭᠠᠯᠲᠠ ᠶᠢᠨ | ᠴᠡᠭ 69 ᠰᠢᠯᠭᠠᠯᠲᠠ ᠶᠢᠨ ᠲᠠᠯᠠᠪᠤᠷ ᠲᠤ ᠵᠡᠷᠭᠡᠪᠡᠷ ᠶᠠᠪᠤᠭᠳᠠᠪᠠ᠃ ᠡᠨᠡ ᠵᠢᠯ᠂ ᠥᠪᠥᠷ ᠮᠣᠩᠭᠤᠯ ᠤᠨ ᠰᠢᠯᠭᠠᠯᠲᠠ ᠶᠢᠨ | ᠲᠣᠭᠤᠷᠢᠭ ᠤᠨ 4161 ᠬᠥᠮᠥᠨ ᠰᠢᠯᠭᠠᠯᠲᠠ ᠳᠤ ᠨᠡᠷ᠎ᠡ ᠮᠡᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 6% | ᠪᠠᠷ ᠪᠠᠭᠤᠷᠠᠪᠠ᠃ | | | | | | ᠲᠣᠰ ᠤᠳᠠᠭᠠᠨ ᠤ ᠰᠢᠯᠭᠠᠯᠲᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ | ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ | ᠳᠠᠭᠠᠭᠠᠴᠢᠯᠠᠨ ᠡᠷᠬᠢᠯᠡᠵᠡᠢ᠃ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠢᠵᠢᠭ ᠰᠡᠷᠭᠡᠶᠢᠯᠡᠨ ᠬᠢᠵᠠᠭᠠᠷᠯᠠᠬᠤ | ᠲᠥᠪ ᠲᠠᠢ ᠬᠠᠮᠲᠤᠷᠠᠨ ᠰᠢᠯᠭᠠᠯᠲᠠ ᠶᠢᠨ ᠶᠠᠪᠤᠳᠠᠯ ᠤᠨ ᠠᠵᠢᠯ ᠤᠨ ᠳᠤᠭᠤᠶᠢᠯᠠᠩ ᠪᠠᠶᠢᠭᠤᠯᠵᠤ᠂ ︽2024 ᠣᠨ ᠤ | ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠤᠨ | ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠶᠢᠨ ᠶᠠᠪᠤᠳᠠᠯ ᠤᠨ ᠠᠵᠢᠯ ᠤᠨ ᠭᠠᠷ ᠳᠡᠪᠲᠡᠷ︾ ᠢ ᠲᠣᠭᠲᠠᠭᠠᠵᠤ᠂ | ᠠᠵᠢᠯ ᠤᠨ ᠴᠤᠪᠤᠷᠠᠯ ᠢ ᠨᠠᠷᠢᠯᠢᠭᠵᠢᠭᠤᠯᠪᠠ︔ ᠰᠢᠯᠭᠠᠯᠲᠠ ᠠᠴᠠ ᠡᠮᠦᠨ᠎ᠡ ᠰᠢᠯᠭᠠᠯᠲᠠ ᠶᠢᠨ ᠶᠠᠪᠤᠳᠠᠯ ᠤᠨ ᠠᠵᠢᠯ ᠤᠨ | ᠪᠣᠯᠪᠠᠰᠤᠷᠠᠭᠤᠯᠤᠯ ᠵᠢᠴᠢ ᠰᠢᠯᠭᠠᠯᠲᠠ ᠶᠢᠨ ᠶᠠᠪᠤᠳᠠᠯ ᠤᠨ ᠬᠤᠷᠠᠯ ᠢ ᠡᠷᠭᠢᠯᠡᠵᠦ᠂ ᠰᠢᠯᠭᠠᠯᠲᠠ ᠶᠢᠨ ᠶᠠᠪᠤᠳᠠᠯ ᠤᠨ | ᠺᠣᠮᠫᠠᠨᠢ᠂ ᠲᠣᠭᠠᠴᠠᠭᠠᠯᠠᠭᠰᠠᠨ ᠰᠢᠯᠭᠠᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠡᠯ᠎ᠡ | ᠰᠢᠯᠭᠠᠯᠲᠠ ᠶᠢᠨ ᠴᠡᠭ ᠲᠠᠢ ᠬᠠᠮᠵᠢᠯᠴᠠᠬᠤ ᠶᠢ ᠴᠢᠬᠤᠯᠠᠴᠢᠯᠠᠵᠤ᠂ ᠣᠯᠠᠨ ᠲᠠᠯ᠎ᠠ ᠶᠢᠨ ᠬᠠᠷᠢᠭᠤᠴᠠᠯᠭ᠎ᠠ ᠡᠭᠦᠷᠭᠡ ᠶᠢ | ᠲᠣᠳᠣᠷᠬᠠᠶᠢᠯᠠᠪᠠ᠃ ᠰᠢᠯᠭᠠᠯᠲᠠ ᠶᠢᠨ ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠶᠢᠨ | ᠲᠣᠪᠴᠢᠶᠠᠨ ᠳᠠᠷᠤᠭ᠎ᠠ ᠬᠤᠩ ᠬᠠᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ | ᠡᠷᠬᠢᠯᠡᠭᠴᠢ ᠸᠠᠩ ᠵᠢᠶᠠᠨ ᠯᠦᠩ ᠪᠣᠯᠣᠨ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠰᠠᠬᠢᠯᠭ᠎ᠠ ᠪᠠᠲᠤ ᠪᠠᠶᠢᠴᠠᠭᠠᠬᠤ ᠱᠦᠵᠢ ᠲᠣᠰ ᠲᠣᠰ ᠰᠢᠯᠭᠠᠯᠲᠠ ᠶᠢᠨ ᠲᠤᠬᠠᠢ ᠶᠢᠨ ᠲᠠᠯᠠᠪᠤᠷ ᠲᠤ ᠬᠦᠷᠴᠦ | ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠪᠠ᠃ ᠰᠢᠯᠭᠠᠯᠲᠠ ᠶᠢᠨ ᠪᠦᠬᠦ ᠠᠵᠢᠯᠲᠠᠳ ᠤᠨ ᠴᠢᠷᠮᠠᠶᠢᠯᠭ᠎ᠠ ᠪᠠᠷ᠂ | ᠰᠢᠯᠭᠠᠯᠲᠠ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠤ᠂ ᠰᠢᠯᠭᠠᠯᠲᠠ ᠶᠢᠨ ᠬᠡᠪ ᠰᠤᠷᠲᠠᠯ ᠰᠠᠬᠢᠯᠭ᠎ᠠ ᠪᠠᠲᠤ ᠰᠠᠶᠢᠨ | ᠪᠠᠶᠢᠵᠤ᠂ ᠲᠤᠰ ᠤᠳᠠᠭ᠎ᠠ ᠶᠢᠨ ᠰᠢᠯᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | | | | | | | | | | | | | | | ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠪᠣᠯ ᠤᠯᠤᠰ ᠠᠴᠠ ᠮᠠᠯ ᠡᠮᠨᠡᠯᠭᠡ ᠶᠢᠨ | ᠠᠵᠢᠯ ᠡᠷᠬᠢᠯᠡᠭᠰᠡᠳ ᠲᠤ ᠬᠡᠷᠡᠭᠵᠢᠭᠦᠯᠵᠦ ᠪᠠᠶᠢᠭ᠎ᠠ ᠨᠢᠭᠡ ᠵᠦᠢᠯ ᠤᠨ ᠣᠷᠣᠯᠴᠠᠬᠤ ᠡᠷᠬᠡ ᠶᠢ ᠵᠥᠪᠰᠢᠶᠡᠷᠡᠬᠦ | ᠰᠢᠯᠭᠠᠯᠲᠠ ᠪᠣᠯᠣᠨ᠎ᠠ᠃ 2010 ᠣᠨ ᠳᠤ ᠪᠥᠬᠦ ᠤᠯᠤᠰ ᠲᠤ ᠰᠢᠯᠭᠠᠵᠤ ᠡᠬᠢᠯᠡᠭᠰᠡᠨ ᠠᠴᠠ ᠨᠠᠭᠠᠰᠢ᠂ ᠠᠵᠢᠯ | ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠨᠢ ᠪᠥᠬᠦ ᠣᠷᠣᠨ ᠤ ᠮᠠᠯ ᠤᠨ ᠡᠮᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠡᠷᠬᠢᠯᠡᠭᠰᠡᠳ ᠤᠨ ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠮᠠᠯ ᠤᠨ | ᠡᠮᠴᠢ ᠶᠢᠨ ᠡᠩᠨᠡᠭᠡ ᠶᠢᠨ ᠠᠵᠢᠯ ᠡᠷᠬᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠵᠢᠯ | ᠮᠡᠷᠭᠡᠵᠢᠯ ᠤᠨ ᠶᠣᠰᠣ ᠮᠣᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | | | |