ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠳᠤ ᠢᠷᠡᠵᠦ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠰᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/17
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠶᠢᠳᠠᠯ ᠢ ᠭᠦᠢᠴᠡᠳ ᠡᠵᠡᠮᠰᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 2024 ᠣᠨ ᠤ 7 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᠮᠢᠩ ᠭᠦᠸᠧ ᠵᠡᠷᠭᠡ ᠬᠤᠶᠠᠷ ᠬᠥᠮᠥᠨ ᠮᠠᠨ ᠤ ᠣᠷᠣᠨ ᠳᠤ ᠢᠷᠡᠵᠦ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠰᠬᠠᠢ ᠪᠠᠶᠢᠴᠠᠭᠠᠨ ᠰᠤᠳᠤᠯᠤᠯᠲᠠ ᠬᠢᠵᠦ᠂ ᠪᠦᠬᠦ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯ ᠤᠨ ᠡᠭᠦᠷᠭᠡ ᠴᠢᠳᠠᠪᠤᠷᠢ᠂ ᠠᠵᠢᠯᠲᠠᠨ ᠤ ᠡᠩᠨᠡᠭᠡ᠂ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠡᠭᠦᠷᠭᠡᠯᠡᠬᠦ ᠠᠵᠢᠯ ᠵᠡᠷᠭᠡ ᠬᠠᠮᠢᠶ᠎ᠠ ᠪᠦᠬᠦᠢ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃
图片1.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ᠂ ᠠᠵᠢᠯ ᠢ ᠪᠡᠶᠡᠯᠡᠭᠦᠯᠦᠭᠰᠡᠨ ᠪᠠᠶᠢᠳᠠᠯ᠂ ᠪᠣᠳᠠᠲᠠᠢ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠧᠩ ᠹᠧᠩ ᠵᠥᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠦ ᠯᠢᠨ᠂ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠵᠢᠴᠢ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
图片2.png
 
图片3.png
      ᠱᠦᠵᠢ ᠯᠢᠦ ᠮᠢᠩ ᠭᠦᠸᠧ ᠠᠴᠠ ᠥᠪᠥᠷ ᠮᠣᠩᠭᠤᠯ ᠤᠨ ᠥᠷᠨᠢᠭᠦᠯᠦᠭᠰᠡᠨ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠳᠥᠷᠪᠡᠨ ᠲᠠᠯ᠎ᠠ ᠪᠠᠷ ᠴᠢᠬᠤᠯᠠᠴᠢᠯᠠᠪᠠ᠄ ᠨᠢᠭᠡ ᠳᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ  ᠶᠢᠨ ᠬᠥᠳᠡᠭᠡ ᠲᠣᠰᠬᠤᠨ ᠤ ᠴᠢᠳᠠᠪᠤᠷᠢᠲᠠᠨ ᠤ ᠪᠠᠶᠢᠭᠤᠯᠤᠯᠲᠠ ᠳᠤᠮᠳᠠᠬᠢ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠲᠡᠦᠬᠡᠨ ᠪᠠᠶᠢᠳᠠᠯ ᠵᠢᠴᠢ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢᠨ ᠴᠢᠬᠤᠯᠠ ᠴᠢᠨᠠᠷ ᠢ ᠲᠠᠨᠢᠯᠴᠠᠭᠤᠯᠪᠠ︔ ᠬᠤᠶᠠᠷ ᠲᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠣᠬᠢᠶᠠᠨ ᠪᠠᠶᠢᠭᠤᠯᠵᠤ ᠬᠠᠮᠢᠶᠠᠷᠬᠤ᠂ ᠵᠢᠭᠠᠨ ᠰᠤᠷᠭᠠᠯᠲᠠ ᠶᠢ ᠰᠤᠳᠤᠯᠬᠤ᠂ ᠵᠠᠮ ᠨᠡᠭᠡᠭᠡᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ ᠰᠢᠯᠢᠳᠡᠭ ᠪᠠᠭᠰᠢ ᠶᠢᠨ ᠬᠢᠷᠢ ᠭᠡᠮ  ᠨᠢ ᠵᠢᠭᠠᠨ ᠰᠤᠷᠭᠠᠯᠲᠠ ᠶᠢᠨ ᠭᠤᠣᠯ ᠬᠦᠴᠦᠨ ᠪᠣᠯᠬᠤ ᠶᠢ ᠪᠠᠲᠤᠯᠠᠬᠤ ᠬᠡᠷᠡᠭᠲᠡᠢ︔ ᠭᠤᠷᠪᠠ ᠳᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠡᠩᠨᠡᠭᠡ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠢ ᠰᠠᠶᠢᠲᠤᠷ ᠬᠥᠮᠥᠵᠢᠭᠦᠯᠵᠦ᠂ ᠨᠤᠲᠤᠭ ᠤᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠬᠡᠪ ᠴᠢᠨᠠᠷ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ︔ ᠳᠥᠷᠪᠡ ᠳᠤ ᠪᠣᠶᠢᠵᠢᠭᠤᠯᠤᠭᠰᠠᠨ ᠦᠷ᠎ᠡ ᠪᠦᠲᠦᠭᠡᠯ᠂ ᠰᠢᠯᠢᠳᠡᠭ ᠴᠢᠳᠠᠪᠤᠷᠢᠲᠠᠨ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠡ᠃
图片4.png
 
图片5.png
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ︱ᠰᠠᠶᠢᠬᠠᠨ ᠲᠣᠭᠤᠷᠢᠭ ᠤᠨ ᠵᠢᠶᠠ ᠱᠢ ᠣᠶᠤᠨᠲᠤ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠠᠵᠤ ᠦᠢᠯᠡᠰ ᠤᠨ ᠰᠠᠭᠤᠷᠢᠨ ᠭᠠᠵᠠᠷ︱ᠬᠤᠷᠢᠨᠭᠡᠷ ᠰᠢᠶᠠᠨ ᠤ ᠵᠦᠩ ᠰᠢᠨ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠯᠠᠵᠤᠤ ᠶᠢᠨ ᠰᠠᠭᠤᠷᠢᠨ ᠭᠠᠵᠠᠷ᠂ ᠬᠤᠷᠢᠨᠭᠡᠷ ᠰᠢᠶᠠᠨ ᠤ  ᠲᠠᠢ ᠭᠧ ᠳ᠋ᠧᠦ ᠵᠢᠦᠢ ᠨᠦᠩ ᠯᠢᠶᠠᠩ ᠫᠢᠨ ᠲᠠᠷᠢᠶᠠᠴᠢᠨ ᠤ ᠲᠠᠷᠢᠶᠠᠨ ᠭᠠᠵᠠᠷ ᠰᠤᠷᠭᠠᠭᠤᠯᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠰᠠᠭᠤᠷᠢᠨ ᠭᠠᠵᠠᠷ ᠤᠨ ᠠᠵᠤ ᠦᠢᠯᠡᠰ ᠤᠨ ᠬᠡᠪᠴᠢᠶ᠎ᠡ᠂ ᠦᠢᠯᠡᠳᠪᠦᠷᠢᠯᠡᠯ ᠤᠨ ᠮᠡᠷᠭᠡᠵᠢᠯ᠂ ᠡᠵᠡᠩᠨᠡᠯᠲᠡ ᠶᠢᠨ ᠵᠠᠭᠪᠤᠷ᠂ ᠪᠣᠶᠢᠵᠢᠭᠤᠯᠤᠭᠰᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠦᠨᠵᠡᠭᠡᠢ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠬᠡᠬᠤᠲᠠ ᠶᠢᠨ ᠬᠤᠷᠢᠨᠭᠡᠷ ᠰᠢᠶᠠᠨ ᠤ ᠲᠠᠢ ᠭᠧ ᠳ᠋ᠧᠦ ᠵᠢᠦᠢ ᠨᠦᠩ ᠯᠢᠶᠠᠩ ᠫᠢᠨ ᠲᠠᠷᠢᠶᠠᠴᠢᠳ ᠤᠨ ᠲᠠᠷᠢᠶᠠᠨ ᠭᠠᠵᠠᠷ ᠰᠤᠷᠭᠠᠭᠤᠯᠢ ᠳᠤ ᠶᠠᠷᠢᠯᠴᠠᠨ ᠰᠣᠯᠢᠯᠴᠠᠵᠤ᠂ ᠲᠤᠬᠠᠢ ᠶᠢᠨ ᠭᠠᠵᠠᠷ ᠤᠨ ᠲᠠᠷᠢᠶᠠᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ᠂ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠬᠠᠮᠢᠶ᠎ᠠ ᠪᠦᠬᠦᠢ ᠰᠠᠨᠠᠭᠤᠯᠭ᠎ᠠ ᠰᠠᠨᠠᠯ ᠵᠡᠷᠭᠡ ᠶᠢ ᠭᠦᠨᠵᠡᠭᠡᠢ ᠰᠣᠯᠢᠯᠴᠠᠪᠠ᠃
图片6.png
       ᠮᠠᠨ ᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠲᠠᠷᠢᠶᠠᠯᠠᠩ ᠮᠠᠯ ᠠᠵᠤ ᠠᠬᠤᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠶᠢ ᠴᠢᠩᠭᠠᠳᠬᠠᠬᠤ ᠪᠠᠷ ᠴᠢᠷᠮᠠᠶᠢᠭᠰᠠᠭᠠᠷ ᠢᠷᠡᠪᠡ᠃ ᠢᠯᠠᠩᠭᠤᠶ᠎ᠠ ᠣᠶᠢᠷ᠎ᠠ ᠶᠢᠨ ᠵᠢᠯ ᠤᠨ ᠲᠤᠷᠰᠢ᠂ ᠲᠠᠷᠢᠶᠠᠴᠢᠨ ᠮᠠᠯᠴᠢᠳ ᠤᠨ ᠬᠥᠮᠦᠵᠢᠯ ᠪᠣᠯᠪᠠᠰᠤᠷᠠᠭᠤᠯᠤᠯ ᠤᠨ ᠲᠠᠯ᠎ᠠ ᠪᠠᠷ ᠵᠣᠬᠢᠬᠤ ᠠᠮᠵᠢᠯᠲᠠ ᠣᠯᠣᠭᠰᠠᠨ ᠪᠣᠯᠪᠠᠴᠤ ᠪᠠᠰᠠ ᠵᠠᠷᠢᠮ ᠥᠷᠢᠰᠦᠯᠳᠦᠭᠡᠨ ᠪᠣᠯᠣᠨ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠤᠳᠤᠷᠢᠳᠤᠯᠭ᠎ᠠ ᠶᠢᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ᠂ ᠰᠢᠰᠲ᠋ᠧᠮᠵᠢ ᠶᠢᠨ ᠪᠠᠶᠢᠭᠤᠯᠤᠯᠲᠠ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号