ᠪᠤᠭᠤᠲᠤ ᠬᠤᠲᠠ ᠨᠢᠭᠡᠳᠦᠭᠡᠷ ᠬᠤᠭᠤᠴᠠᠭᠠᠨ ᠤ ᠬᠤᠸᠠ ᠰᠢ ᠲᠤᠭᠤᠯ ᠢ ᠠᠮᠵᠢᠯᠲᠠ ᠲᠠᠢ ᠲᠤᠰᠪᠠ
ᠨᠡᠶᠢᠲᠡᠯᠡᠭᠰᠡᠨ ᠴᠠᠭ᠄
2024/7/17
      2023 ᠣᠨ ᠳᠤ᠂ ᠪᠤᠭᠤᠲᠤ ᠬᠤᠲᠠ ᠶᠢᠨ ᠮᠠᠯ ᠠᠵᠤ ᠠᠬᠤᠢ ᠪᠠ ᠤᠰᠤᠨ ᠭᠠᠷᠤᠯᠲᠠ ᠶᠢ ᠳᠡᠯᠭᠡᠷᠡᠭᠦᠯᠬᠦ ᠦᠢᠯᠡᠴᠢᠯᠡᠭᠡᠨ ᠤ ᠲᠥᠪ  ᠨᠢ ᠥᠪᠡᠷᠲᠡᠭᠡᠨ ᠵᠠᠰᠠᠬᠤ ᠣᠷᠣᠨ ᠤ ᠬᠤᠸᠠ ᠰᠢ ᠦᠬᠡᠷ ᠤᠨ ᠪᠥᠬᠦ ᠣᠷᠣᠨ ᠤ ᠳᠡᠯᠭᠡᠷᠡᠭᠦᠯᠬᠦ ᠲᠥᠷᠥᠯ ᠵᠦᠢᠯ ᠢ ᠡᠬᠦᠷᠭᠡᠯᠡᠭᠰᠡᠨ ᠪᠠᠶᠢᠳᠠᠭ᠃ ᠡᠨᠡ ᠵᠢᠯ 3000 ᠢᠴᠡᠭᠡᠯ ᠦᠷ᠎ᠡ ᠶᠢ ᠳᠡᠯᠭᠡᠷᠡᠭᠦᠯᠬᠦ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠮᠠᠯ ᠠᠵᠤ ᠠᠬᠤᠢ ᠪᠠ ᠤᠰᠤᠨ ᠭᠠᠷᠤᠯᠲᠠ ᠶᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠠᠴᠠ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠢᠦᠶᠤᠸᠠᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠯᠠᠰᠢᠨ ᠦᠬᠡᠷ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠳᠤ ᠬᠤᠸᠠ ᠰᠢ ᠦᠬᠡᠷ ᠤᠨ ᠢᠴᠡᠭᠡᠯ ᠦᠷ᠎ᠡ ᠶᠢ ᠳᠡᠯᠭᠡᠷᠡᠭᠦᠯᠬᠦ ᠠᠵᠢᠯ ᠢ ᠥᠷᠨᠢᠭᠦᠯᠵᠦ᠂ ᠨᠡᠶᠢᠲᠡ 12 ᠠᠯᠠᠰᠢᠨ ᠦᠬᠡᠷ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢ ᠰᠣᠩᠭᠤᠵᠤ᠂ ᠠᠳᠠᠯᠢ ᠬᠤᠭᠤᠴᠠᠭᠠᠨ ᠤ ᠣᠷᠤᠭ᠎ᠠ ᠣᠷᠣᠭᠤᠯᠬᠤ ᠮᠡᠷᠭᠡᠵᠢᠯ ᠳᠤ ᠲᠣᠬᠢᠷᠠᠭᠤᠯᠤᠨ 1900 ᠲᠣᠯᠤᠭᠠᠢ ᠦᠬᠡᠷ ᠲᠤ ᠵᠤᠬᠢᠶᠠᠮᠠᠯ ᠦᠷ᠎ᠡ ᠳᠠᠮᠵᠢᠭᠤᠯᠬᠤ ᠶᠢ ᠬᠡᠷᠡᠭᠵᠢᠭᠦᠯᠵᠦ᠂ ᠨᠢᠭᠡᠳᠦᠭᠡᠷ ᠬᠤᠭᠤᠴᠠᠭᠠᠨ ᠤ ᠳᠡᠯᠭᠡᠷᠡᠭᠦᠯᠬᠦ ᠡᠭᠦᠷᠭᠡ ᠶᠢ ᠪᠡᠶᠡᠯᠡᠭᠦᠯᠪᠡ᠃      2024 ᠣᠨ ᠤ 7 ᠰᠠᠷ᠎ᠠ ᠳᠤ᠂ ᠪᠤᠭᠤᠲᠤ ᠬᠤᠲᠠ ᠶᠢᠨ  ᠬᠢᠨ ᠨᠢᠭᠡᠳᠦᠭᠡᠷ ᠬᠤᠭᠤᠴᠠᠭᠠᠨ ᠤ ᠬᠤᠸᠠ ᠰᠢ ᠲᠤᠭᠤᠯ ᠲᠤᠰᠬᠤ ᠠᠵᠢᠯ ᠢ ᠤᠭᠲᠤᠵᠤ᠂ ᠣᠳᠣᠬᠠᠨ ᠳᠤ ᠨᠢᠭᠡᠨᠲᠡ 301 ᠲᠤᠭᠤᠯ ᠲᠤᠰᠴᠤ᠂ ᠳᠤᠮᠳᠠᠴᠢ ᠪᠡᠶ᠎ᠡ ᠶᠢᠨ ᠬᠦᠨᠳᠦ ᠨᠢ 36.6 ᠺᠢᠯᠣᠭ᠍ᠷᠠᠮ ᠪᠠᠶᠢᠵᠤ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠲᠦᠯ ᠲᠤᠰᠬᠤ ᠡᠭᠦᠷᠭᠡ ᠪᠠᠨ ᠪᠦᠬᠦᠨ ᠢ ᠪᠡᠶᠡᠯᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠮᠠᠯ ᠠᠵᠤ ᠠᠬᠤᠢ ᠪᠠ ᠤᠰᠤᠨ ᠭᠠᠷᠤᠯᠲᠠ ᠶᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠠᠴᠠ ᠬᠤᠸᠠ ᠰᠢ ᠦᠬᠡᠷ ᠤᠨ ᠢᠴᠡᠭᠡᠯ ᠦᠷ᠎ᠡ ᠶᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠷ᠎ᠡ ᠶᠢᠨ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠤᠭᠤᠲᠤ ᠬᠤᠲᠠ ᠶᠢᠨ ᠣᠲᠣ ᠦᠶ᠎ᠡ ᠶᠢᠨ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ ᠠᠯᠠᠰᠢᠨ ᠦᠬᠡᠷ ᠦᠷᠡᠵᠢᠭᠦᠯᠦᠨ ᠪᠣᠶᠢᠵᠢᠭᠤᠯᠬᠤ᠂ ᠲᠡᠵᠢᠭᠡᠨ ᠠᠷᠠᠴᠢᠯᠠᠬᠤ ᠬᠠᠮᠢᠶᠠᠷᠤᠯᠲᠠ᠂ ᠬᠢᠵᠢᠭ ᠡᠪᠡᠳᠴᠢᠨ ᠤ ᠰᠡᠷᠭᠡᠶᠢᠯᠡᠯᠲᠡ ᠡᠵᠡᠮᠳᠡᠯ ᠵᠡᠷᠭᠡ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠪᠠ ᠠᠯᠠᠰᠢᠨ ᠦᠬᠡᠷ ᠤᠨ ᠠᠵᠢᠯ ᠡᠷᠬᠢᠯᠡᠭᠰᠡᠳ ᠤᠨ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢᠨ ᠰᠢᠨ᠎ᠡ ᠡᠭᠦᠯᠳᠡᠷ ᠢ ᠮᠡᠳᠡᠷᠡᠬᠦ ᠬᠡᠮᠵᠢᠶ᠎ᠡ ᠶᠢ ᠲᠡᠭᠡᠭᠰᠢᠯᠡᠭᠦᠯᠵᠦ᠂ ᠪᠤᠭᠤᠲᠤ ᠬᠤᠲᠠ ᠶᠢᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号