ᠪᠠᠭᠠᠷᠢᠨ ᠪᠠᠷᠠᠭᠤᠨ ᠬᠤᠰᠢᠭᠤ ᠮᠠᠯ ᠤᠨ ᠡᠭᠦᠯᠳᠡᠷ ᠢ ᠰᠠᠶᠢᠵᠢᠷᠠᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/7/18
      ᠪᠠᠭᠠᠷᠢᠨ ᠪᠠᠷᠠᠭᠤᠨ ᠬᠤᠰᠢᠭᠤ ᠣᠶᠢᠷ᠎ᠠ ᠶᠢᠨ ᠵᠢᠯ ᠠᠴᠠ ᠤᠳᠤ ᠦᠶ᠎ᠡ ᠶᠢᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠮᠠᠯ ᠤᠨ ᠡᠭᠦᠯᠳᠡᠷ ᠢᠶᠠᠨ ᠰᠠᠶᠢᠵᠢᠷᠠᠭᠤᠯᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠴᠢᠨᠠᠷ ᠰᠠᠶᠢᠲᠠᠢ ᠲᠡᠵᠢᠭᠡᠨ ᠦᠷᠡᠵᠢᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠠᠬᠢᠭᠤᠯᠪᠠ᠃      ᠳ᠋ᠠᠪᠠᠨ ᠪᠠᠯᠭᠠᠰᠤᠨ ᠤ ᠴᠢᠶᠠᠨ ᠶᠢᠨ ᠲᠣᠰᠬᠤᠨ ᠤ ᠲᠡᠵᠢᠭᠡᠨ ᠦᠷᠡᠵᠢᠭᠦᠯᠬᠦ ᠦᠢᠯᠡᠰ ᠡᠷᠭᠢᠯᠡᠵᠤ ᠪᠠᠶᠢᠭ᠎ᠠ ᠰᠥᠩ ᠵᠠᠨ ᠵᠢᠶᠦ᠋ᠨ ᠤ ᠦᠬᠡᠷ ᠤᠨ ᠬᠠᠰᠢᠶᠠᠨ ᠳᠤ ᠲᠦᠷᠪᠠᠨ ᠤᠨᠴᠠᠭᠠᠢ ᠲᠤᠭᠤᠯ ᠪᠤᠢ᠃ ᠲᠡᠷᠨ ᠨᠢ ︽ᠬᠤᠷᠤᠭᠤ ᠰᠢᠯ ᠤᠨ ᠲᠤᠭᠤᠯ︾ ᠪᠣᠯᠣᠨ᠎ᠠ᠃ ︽ᠨᠢᠳᠤᠨᠤᠨ ᠮᠠᠨ ᠤ ᠬᠢᠨ 15 ᠡᠬᠡ ᠮᠠᠯ ᠢ ᠰᠣᠩᠭᠤᠨ ᠭᠠᠷᠭᠠᠵᠤ᠂ ᠬᠤᠶᠠᠷ ᠪᠦᠯᠦᠭ ᠬᠤᠪᠢᠶᠠᠨ ᠭᠦᠪᠦᠷᠡᠯ ᠰᠢᠯᠵᠢᠭᠦᠯᠦᠭᠰᠡᠨ ᠶᠤᠮ᠂ ᠡᠨᠡ 4 ᠲᠤᠭᠤᠯ ᠠᠴᠠ ᠭᠠᠳᠠᠨ᠎ᠠ ᠪᠠᠰᠠ 6 ᠡᠬᠡ ᠮᠠᠯ ᠪᠠᠰᠠ ᠤᠳᠠᠬᠤ ᠦᠭᠡᠢ ᠲᠤᠭᠤᠯᠯᠠᠬᠤ ᠭᠡᠵᠦ ᠪᠤᠢ᠃ ᠡᠩ ᠤᠨ ᠲᠤᠭᠤᠯ ᠲᠠᠢ ᠠᠳᠠᠯᠢᠳᠬᠠᠪᠠᠯ᠂ ᠭᠦᠪᠦᠷᠡᠯ ᠰᠢᠯᠵᠢᠭᠦᠯᠦᠭᠰᠡᠨ ᠲᠤᠭᠤᠯ ᠨᠢ ᠨᠠᠩ ᠴᠢᠭᠢᠷᠠᠭ᠂ ᠵᠣᠬᠢᠴᠠᠬᠤ ᠴᠢᠨᠠᠷ ᠢᠶᠠᠷ ᠨᠠᠩ ᠰᠠᠶᠢᠨ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠨᠠᠩ ᠴᠢᠩᠭ᠎ᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠨᠡᠯᠢᠶᠡᠳ ᠥᠨᠳᠥᠷ︾ ᠭᠡᠵᠦ ᠰᠥᠩ ᠵᠠᠨ ᠵᠢᠶᠦ᠋ᠨ ᠲᠠᠨᠢᠯᠴᠠᠭᠤᠯᠤᠨ᠎ᠠ᠃      2023 ᠣᠨ ᠳᠤ᠂ ᠪᠠᠭᠠᠷᠢᠨ ᠪᠠᠷᠠᠭᠤᠨ ᠬᠤᠰᠢᠭᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠪᠤᠵᠠᠭᠠᠶᠢᠷᠠᠭᠤᠯᠬᠤ ᠳᠤ ᠲᠦᠰᠢᠭᠯᠡᠨ᠂ ᠾᠧᠨᠠᠨ ᠮᠤᠵᠢ ᠶᠢᠨ ᠳ᠋ᠢᠩ ᠶᠤᠸᠠᠨ ᠡᠭᠦᠯᠳᠡᠷ ᠤᠨ ᠦᠬᠡᠷ ᠪᠣᠶᠢᠵᠢᠭᠤᠯᠬᠤ ᠬᠢᠵᠠᠭᠠᠷᠲᠤ ᠺᠤᠮᠫᠠᠨᠢ ᠲᠠᠢ ᠬᠠᠮᠲᠤᠷᠠᠯᠴᠠᠭ᠎ᠠ ᠪᠠᠶᠢᠭᠤᠯᠤᠨ᠂ ︽ᠳᠠᠭᠠᠭᠤᠯᠤᠭᠴᠢ ᠠᠵᠤ ᠠᠬᠤᠶᠢᠯᠠᠯ + ᠬᠤᠷᠰᠢᠶ᠎ᠠ + ᠮᠠᠯᠴᠢᠨ ᠲᠠᠷᠢᠶᠠᠴᠢᠨ ᠡᠷᠦᠭᠡ︾ ᠶᠢᠨ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠠᠯᠠᠰᠢᠨ ᠦᠬᠡᠷ ᠤᠨ ᠭᠦᠪᠦᠷᠡᠯ ᠰᠢᠯᠵᠢᠭᠦᠯᠬᠦ ᠮᠡᠷᠭᠡᠵᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠰᠢᠷᠠᠮᠥ᠋ᠷᠡᠨ ᠰᠤᠮᠤ᠂ ᠵᠢᠷᠭᠠᠯ ᠤᠨ ᠵᠠᠮ ᠰᠤᠮᠤ᠂ ᠪᠠᠶᠠᠨᠲᠠᠯ᠎ᠠ ᠰᠤᠮᠤ᠂ ᠳ᠋ᠠᠪᠠᠨ ᠪᠠᠯᠭᠠᠰᠤ᠂ ᠪᠤᠷᠣᠡᠤᠰᠤ ᠪᠠᠯᠭᠠᠰᠤ ᠪᠠᠷ ᠲᠤᠷᠰᠢᠯᠲᠠ ᠶᠢᠨ ᠴᠡᠭ ᠪᠣᠯᠭᠠᠨ᠂ 400 ᠭᠠᠷᠤᠢ ᠡᠬᠡ ᠮᠠᠯ ᠳᠤ ᠭᠦᠪᠦᠷᠡᠯ ᠰᠢᠯᠵᠢᠭᠦᠯᠪᠡ᠃ ᠡᠳᠡᠭᠡᠷ ᠠᠩᠬᠠᠨ ᠤ ᠪᠦᠯᠦᠭ ᠭᠦᠪᠦᠷᠡᠯ ᠰᠢᠯᠵᠢᠭᠦᠯᠦᠭᠰᠡᠨ ᠰᠢᠮᠧᠨ᠋ᠳᠠᠷ ᠲᠤᠭᠤᠯ ᠠᠮᠵᠢᠯᠲᠠ ᠣᠯᠵᠤ᠂ ᠥᠰᠦᠯᠲᠡ ᠪᠤᠶᠢᠵᠢᠯᠲᠠ ᠶᠢᠨ ᠪᠠᠶᠢᠳᠠᠯ ᠨᠢ ᠨᠡᠯᠢᠶᠡᠳ ᠰᠠᠶᠢᠨ᠂ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠬᠡᠪ ᠤᠨ ᠪᠠᠶᠢᠳᠠᠯ ᠲᠠᠢ ᠪᠠᠶᠢᠵᠤ᠂ ᠠᠯᠠᠰᠢᠨ ᠦᠬᠡᠷ ᠤᠨ ᠭᠦᠪᠦᠷᠡᠯ ᠢ ᠰᠢᠯᠵᠢᠭᠦᠯᠬᠦ ᠠᠵᠢᠯ ᠲᠡᠭᠦᠰ ᠠᠮᠵᠢᠯᠲᠠ ᠣᠯᠪᠠ᠃      ᠪᠠᠭᠠᠷᠢᠨ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠭᠦᠪᠦᠷᠡᠯ ᠰᠢᠯᠵᠢᠭᠦᠯᠬᠦ ᠠᠷᠭ᠎ᠠ ᠪᠠᠷ ᠪᠣᠶᠢᠵᠢᠭᠤᠯᠤᠭᠰᠠᠨ ᠲᠤᠭᠤᠯ ᠤᠨ ᠪᠡᠶ᠎ᠡ ᠨᠢ ᠬᠦᠳᠡᠷ ᠪᠦᠳᠦᠭᠦᠨ᠂ ᠳᠥᠷᠪᠡᠨ ᠮᠥᠴᠢ ᠨᠢ ᠲᠡᠭᠰᠢᠬᠡᠨ᠂ ᠥᠩᠭᠡ ᠭᠠᠯᠪᠢᠷ ᠨᠢ ᠴᠦ ᠰᠠᠶᠢᠬᠠᠨ᠂ ᠥᠰᠦᠯᠲᠡ ᠶᠢᠨ ᠬᠤᠷᠳᠤᠴᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠨᠢ ᠨᠤᠲᠤᠭ ᠤᠨ ᠦᠬᠡᠷ ᠤᠨ ᠲᠤᠭᠤᠯ ᠠᠴᠠ ᠢᠯᠡᠳᠲᠡ ᠰᠠᠶᠢᠨ ᠪᠠᠶᠢᠳᠠᠭ᠃      ᠣᠶᠢᠯᠠᠭᠠᠭᠰᠠᠨ ᠢᠶᠠᠷ᠂ ᠭᠦᠪᠦᠷᠡᠯ ᠰᠢᠯᠵᠢᠭᠦᠯᠬᠦ ᠮᠡᠷᠭᠡᠵᠢᠯ ᠢᠶᠠᠷ ᠴᠡᠪᠡᠷ ᠡᠭᠦᠯᠳᠡᠷ ᠤᠨ ᠰᠢᠮᠧᠨ᠋ᠲᠠᠷ ᠦᠬᠡᠷ ᠢ ᠦᠷᠡᠵᠢᠭᠦᠯᠦᠨ ᠪᠣᠶᠢᠵᠢᠭᠤᠯᠬᠤ ᠨᠢ ᠦᠨᠢᠶ᠎ᠡ ᠶᠢᠨ ᠤᠳᠤᠮᠯᠠᠯ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠠᠰᠢᠭᠲᠠᠢ ᠪᠠᠷ ᠪᠠᠷᠠᠬᠤ ᠦᠭᠡᠢ ᠪᠠᠰᠠ ᠭᠦᠪᠦᠷᠡᠯ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠲᠣᠰ ᠭᠠᠵᠠᠷ ᠤᠨ ᠡᠬᠡ ᠮᠠᠯ ᠤᠨ ᠪᠦᠲᠦᠴᠡ ᠶᠢ ᠰᠢᠯᠢᠳᠡᠭᠵᠢᠭᠦᠯᠬᠦ᠂ ᠦᠬᠡᠷ ᠲᠡᠵᠢᠭᠡᠬᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠦ ᠪᠤᠢ᠃ ᠪᠠᠭᠠᠷᠢᠨ ᠪᠠᠷᠠᠭᠤᠨ ᠬᠤᠰᠢᠭᠤ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠬᠤᠷᠰᠢᠶ᠎ᠠ ᠪᠠᠷ ᠳᠠᠶᠢᠴᠢᠯᠠᠬᠤ᠂ ᠲᠡᠵᠢᠭᠡᠪᠦᠷᠢ ᠶᠢᠨ ᠡᠷᠦᠭᠡ ᠣᠷᠤᠯᠴᠠᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠪᠠᠷᠢᠮᠵᠢᠶᠠᠵᠢᠭᠤᠯᠤᠨ ᠬᠥᠭᠵᠢᠭᠦᠯᠬᠦ︾ ᠵᠠᠭᠪᠤᠷ ᠢᠶᠠᠷ ᠳᠠᠮᠵᠢᠭᠤᠯᠤᠨ᠂ ᠣᠲᠣ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠦᠭᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号