ᠪᠦᠭᠦ ᠤᠯᠤᠰ ᠤᠨ ᠠᠩᠬᠠᠳᠠᠭᠴᠢ ᠤᠮᠠᠷᠠᠲᠤ ᠠᠽᠢᠶ᠎ᠠ ᠶᠢᠨ ᠲᠣᠰᠣᠯᠢᠭ ᠲᠠᠷᠢᠮᠠᠯ ᠤᠨ ᠰᠢᠨᠵᠢᠯᠡᠬᠦ ᠤᠬᠠᠭᠠᠨ  ᠤ ᠰᠤᠳᠤᠯᠭᠠᠨ ᠤ ᠲᠠᠪᠴᠠᠩ ᠮᠠᠨ ᠤ ᠣᠷᠣᠨ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/18
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ  ᠰᠢᠨᠵᠢᠯᠡᠬᠦ  ᠤᠬᠠᠭᠠᠨ ᠤ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠡᠷᠭᠦᠨ᠎ᠡ ᠬᠤᠲᠠ ᠶᠢᠨ ᠬᠠᠮᠲᠤ ᠪᠠᠷ ᠪᠠᠶᠢᠭᠤᠯᠤᠭᠰᠠᠨ ᠮᠠᠨ ᠤ ᠤᠯᠤᠰ ᠤᠨ ᠠᠩᠬᠠᠳᠠᠭᠴᠢ ᠤᠮᠠᠷᠠᠲᠤ ᠠᠽᠢᠶ᠎ᠠ ᠶᠢᠨ ᠲᠣᠰᠣᠯᠢᠭ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ︱︽ᠤᠮᠠᠷᠠᠲᠤ ᠠᠽᠢᠶ᠎ᠠ ᠶᠢᠨ ᠰᠢᠯᠢᠮᠳᠡᠭ ᠪᠣᠯᠣᠨ ᠰᠢᠷ᠎ᠠ ᠪᠤᠷᠴᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠲᠦᠷᠦᠭᠦᠬᠡᠨ ᠡᠷᠭᠦᠨ᠎ᠡ ᠬᠤᠲᠠ ᠳᠤ ᠪᠠᠶᠢᠭᠤᠯᠤᠭᠳᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ  ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠤᠮᠠᠷᠠᠲᠤ ᠠᠽᠢᠶ᠎ᠠ ᠶᠢᠨ ᠰᠢᠯᠢᠮᠳᠡᠭ ᠪᠣᠯᠣᠨ ᠰᠢᠷ᠎ᠠ ᠪᠤᠷᠴᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠨᠢ ᠰᠢᠯᠢᠮᠳᠡᠭ ᠪᠣᠯᠣᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠭᠤᠣᠯ ᠹᠷᠤᠨᠲ ᠲᠤ ᠬᠠᠨᠳᠤᠭᠤᠯᠤᠨ᠂ ᠣᠨᠴᠠ ᠣᠬᠤᠷ ᠤᠷᠭᠤᠯᠲᠠ ᠶᠢᠨ ᠬᠤᠭᠤᠴᠠᠭᠠᠨ ᠤ ᠬᠠᠪᠤᠷ ᠤᠨ ᠰᠢᠯᠢᠮᠳᠡᠭ ᠤᠨ ᠠᠮᠢᠳᠤ ᠪᠣᠳᠠᠰ ᠤᠨ ᠦᠷ᠎ᠡ ᠪᠣᠶᠢᠵᠢᠭᠤᠯᠬᠤ᠂ ᠣᠬᠤᠷ ᠤᠷᠭᠤᠯᠲᠠ ᠶᠢᠨ ᠬᠤᠭᠤᠴᠠᠭᠠᠨ ᠤ ᠰᠢᠯᠢᠮᠳᠡᠭ ᠪᠣᠯᠣᠨ ᠰᠢᠷ᠎ᠠ ᠪᠤᠷᠴᠠᠭ ᠢ ᠥᠨᠳᠥᠷ ᠪᠦᠲᠦᠮᠵᠢᠲᠡᠶ ᠪᠠᠷ ᠰᠡᠯᠭᠦᠨ ᠳᠠᠷᠢᠬᠤ ᠵᠠᠭᠪᠤᠷ ᠵᠡᠷᠭᠡ ᠰᠤᠳᠤᠯᠭᠠᠨ ᠤ ᠠᠵᠢᠯ ᠢ ᠵᠠᠯᠭᠠᠭ᠎ᠠ ᠪᠠᠷ ᠥᠷᠨᠢᠭᠦᠯᠵᠦ᠂ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ 500 ᠮᠦ ᠳᠤ ᠬᠦᠷᠴᠦ᠂ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ ᠪᠠ ᠥᠨᠳᠥᠷ ᠪᠠᠷᠢᠮᠵᠢᠶᠠᠲᠤ ᠲᠤᠷᠰᠢᠯᠲᠠ ᠶᠢᠨ ᠲᠠᠷᠢᠶ᠎ᠠ ᠶᠢ ᠪᠠᠶᠢᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ︽ᠤᠮᠠᠷᠠᠲᠤ ᠠᠽᠢᠶ᠎ᠠ ᠶᠢᠨ ᠰᠢᠯᠢᠮᠳᠡᠭ ᠪᠣᠯᠣᠨ ᠰᠢᠷ᠎ᠠ ᠪᠤᠷᠴᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠨᠢ ᠬᠤᠵᠢᠷᠯᠢᠭ ᠭᠠᠵᠠᠷ ᠲᠤ ᠳᠠᠷᠢᠬᠤ ᠳᠤ ᠲᠣᠬᠢᠷᠠᠮᠵᠢᠲᠠᠢ ᠰᠢᠯᠢᠮᠳᠡᠭ ᠪᠣᠯᠣᠨ ᠰᠢᠷ᠎ᠠ ᠪᠤᠷᠴᠠᠭ ᠤᠨ ᠲᠥᠷᠥᠯ ᠵᠦᠢᠯ ᠬᠢᠭᠡᠳ ᠦᠢᠯᠡᠳᠪᠦᠷᠢᠯᠡᠯ ᠤᠨ ᠮᠡᠷᠭᠡᠵᠢᠯ ᠢ ᠬᠦᠴᠦᠯᠡᠨ ᠨᠡᠭᠡᠭᠡᠨ ᠬᠥᠭᠵᠢᠭᠦᠯᠵᠦ᠂ ᠮᠠᠨ ᠤ ᠣᠷᠣᠨ ᠤ ᠬᠤᠵᠢᠷᠯᠢᠭ ᠭᠠᠵᠠᠷ ᠤᠨ ᠰᠢᠯᠢᠮᠳᠡᠭ ᠪᠣᠯᠣᠨ ᠰᠢᠷ᠎ᠠ ᠪᠤᠷᠴᠠᠭ  ᠤᠨ ᠠᠵᠤ ᠦᠢᠯᠡᠰ ᠤᠨ ᠬᠥᠭᠵᠢᠯᠲᠡ ᠬᠢᠭᠡᠳ ᠠᠮᠢ ᠠᠬᠤᠢ ᠠᠵᠤ ᠠᠬᠤᠢ ᠶᠢᠨ ᠳᠡᠭᠡᠭᠰᠢᠯᠡᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号