2024 ᠣᠨ ᠤ ᠠᠩᠬᠠᠳᠠᠭᠴᠢ ᠤᠳᠠᠭᠠᠨ ᠤ ᠠᠮᠢᠲᠣ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/7/19
      ︽ᠠᠮᠢᠲᠣ ᠭᠠᠭ᠋ᠠᠢ ᠨᠢᠲᠤᠯᠬᠤ ᠬᠠᠮᠢᠶᠠᠷᠤᠯᠲᠠ ᠶᠢᠨ ᠳᠦᠷᠢᠮ︾ ᠪᠠ ︽ᠬᠤᠶᠠᠳᠤᠭᠠᠷ ᠪᠦᠯᠦᠭ ᠤᠨ ᠠᠮᠢᠲᠣ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠮᠡᠳᠡᠭᠳᠡᠯ︾ ︵ᠲᠠᠷᠢᠶᠠᠯᠠᠩ ᠮᠠᠯ ᠠᠵᠤ ᠠᠬᠤᠢ ᠵᠠᠬᠢᠳᠠᠯ ﹇2020﹈ 755 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠩᠬᠠᠳᠠᠭᠴᠢ ᠤᠳᠠᠭᠠᠨ ᠤ ᠠᠮᠢᠳᠤ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠨᠡᠶᠢᠲᠡᠯᠡᠵᠦ ᠪᠠᠶᠢᠨ᠎ᠠ᠄      ᠨᠢᠭᠡ᠂ ᠰᠢᠯᠭᠠᠨ ᠬᠢᠨᠠᠭᠳᠠᠬᠤ ᠡᠲᠡᠭᠡᠳ      ᠠᠮᠢᠲᠣ ᠭᠠᠭ᠋ᠠᠢ ᠨᠢᠲᠤᠯᠬᠤ ᠠᠵᠤ ᠠᠬᠤᠶᠢᠯᠠᠯ ᠤᠨ ᠮᠢᠬᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ᠃      ᠬᠤᠶᠠᠷ᠂ ᠨᠡᠷ᠎ᠡ ᠮᠡᠳᠡᠭᠦᠯᠬᠦ ᠨᠥᠬᠦᠴᠡᠯ      ᠳᠣᠣᠷᠠᠬᠢ ᠨᠥᠬᠦᠴᠡᠯ ᠤᠨ ᠨᠢᠭᠡ ᠳᠤᠨᠢ ᠨᠡᠶᠢᠴᠡᠪᠡᠯ᠂ ᠠᠮᠢᠲᠤ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠰᠢᠯᠭᠠᠨ ᠬᠢᠨᠠᠬᠤ ᠳᠤ ᠨᠡᠷ᠎ᠡ ᠮᠡᠳᠡᠭᠦᠯᠵᠦ ᠪᠣᠯᠣᠨ᠎ᠠ᠄      ︵ᠨᠢᠭᠡ︶ ᠮᠠᠯ ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠥᠰ︔      ︵ᠬᠤᠶᠠᠷ︶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ︶ ᠡᠰᠡᠬᠦᠯ᠎ᠡ ᠮᠠᠯ ᠡᠮᠨᠡᠯᠭᠡ ᠶᠢᠨ ᠪᠣᠰᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠠᠮᠢᠲᠤ ᠭᠠᠭ᠋ᠠᠢ ᠨᠢᠲᠤᠯᠬᠤ ᠮᠢᠬᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠤᠨ ᠪᠠᠶᠢᠷᠢ ᠳᠤ ᠬᠠᠭᠠᠰ ᠵᠢᠯ ᠠᠴᠠ ᠳᠡᠭᠡᠭᠰᠢ ᠳᠠᠳᠤᠯᠭ᠎ᠠ ᠬᠢᠵᠦ ᠪᠠᠶᠢᠭ᠎ᠠ ᠬᠥᠮᠥᠰ︔      ︵ᠭᠤᠷᠪᠠ︶ ᠠᠮᠢᠲᠤ ᠭᠠᠭ᠋ᠠᠢ ᠨᠢᠲᠤᠯᠬᠤ ᠮᠢᠬᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ 5 ᠵᠢᠯ ᠠᠴᠠ ᠳᠡᠭᠡᠭᠰᠢ ᠬᠢᠵᠦ ᠪᠠᠶᠢᠭ᠎ᠠ ᠬᠥᠮᠥᠰ᠃      ᠭᠤᠷᠪᠠ᠂ ᠨᠡᠷ᠎ᠡ ᠮᠡᠳᠡᠭᠦᠯᠬᠦ ᠳᠡᠰ ᠳᠠᠷᠠᠭᠠᠯᠠᠯ ᠬᠢᠭᠡᠳ ᠴᠠᠭ ᠬᠤᠭᠤᠴᠠᠭ᠎ᠠ      ︵ᠨᠢᠭᠡ︶ ᠰᠦᠯᠵᠢᠶ᠎ᠡ ᠪᠠᠷ ᠨᠡᠷ᠎ᠡ ᠮᠡᠳᠡᠭᠦᠯᠬᠦ      1.ᠨᠡᠷ᠎ᠡ ᠮᠡᠳᠡᠭᠦᠯᠦᠭᠰᠡᠳ ᠳᠠᠩᠰᠠᠯᠠᠬᠤ᠃ ᠨᠡᠷ᠎ᠡ ᠮᠡᠳᠡᠭᠦᠯᠦᠭᠰᠡᠨ ᠬᠥᠮᠥᠰ ᠭᠠᠷ ᠤᠲᠠᠰᠤᠨ ᠤ ᠦᠵᠦᠭᠦᠷ ᠲᠤ ︽ᠮᠦ ᠶᠦᠨ ᠲᠤᠩ︾ ᠸᠢᠴᠠᠲ ᠤᠨ ᠵᠢᠵᠢᠭ ᠫᠷᠣᠭ᠍ᠷᠠᠮ ᠢ ᠨᠡᠭᠡᠭᠡᠵᠦ᠂ ︽ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︾ ᠶᠢᠨ ᠬᠡᠰᠡᠭ ᠲᠤ ᠰᠠᠨᠠᠭᠤᠯᠤᠭᠰᠠᠨ ᠲᠠᠩᠰᠠᠨ ᠨᠣᠮᠧᠷ ︵ᠭᠠᠷ ᠤᠲᠠᠰᠤᠨ ᠤ ᠨᠣᠮᠧᠷ︶ ᠪᠠ ᠨᠢᠭᠤᠴᠠ ᠨᠣᠮᠧᠷ ᠶᠣᠰᠣᠭᠠᠷ ᠲᠡᠮᠳᠡᠭᠯᠡᠬᠦ ᠶᠢᠨ ᠬᠠᠮᠲᠤ ᠬᠤᠪᠢ ᠬᠥᠮᠥᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠦᠨ᠎ᠡ᠃      2. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠤᠭᠤᠴᠠᠭ᠎ᠠ  ᠨᠢ 2024 ᠣᠨ ᠤ 7 ᠰᠠᠷ᠎ᠠ ᠶᠢᠨ 25 ᠤ ᠡᠳᠦᠷ ᠠᠴᠠ ᠡᠮᠦᠨ᠎ᠡ ᠪᠣᠯᠣᠨ᠎ᠠ᠃ ᠨᠡᠷ᠎ᠡ ᠮᠡᠳᠡᠭᠦᠯᠦᠭᠰᠡᠳ ᠳᠤᠮᠳᠠᠳᠤ ᠤᠯᠤᠰ ᠤᠨ ᠮᠠᠯ ᠡᠮᠨᠡᠯᠭᠡ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ᠄ www.cadc.netcn︶ ᠶᠢᠨ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ᠣᠷᠣᠬᠤ ᠡᠭᠦᠳᠡ︾ ᠶᠢᠨ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾ ᠶᠢᠨ ᠮᠡᠳᠡᠭᠡ ᠵᠠᠩᠭᠢ ᠶᠢᠨ ᠲᠠᠪᠴᠠᠩ ᠪᠤᠶᠤ ᠭᠠᠷ ᠤᠲᠠᠰᠤᠨ ᠤ ᠦᠵᠦᠭᠦᠷ ᠤᠨ ︽ᠮᠦ ᠶᠦᠨ ᠲᠤᠩ︾ ᠤᠨ ᠸᠢᠴᠠᠲ ᠤᠨ ᠵᠢᠵᠢᠭ ᠫᠷᠣᠭ᠍ᠷᠠᠮ ᠳᠤ ᠣᠷᠣᠵᠤ᠂ ᠨᠡᠷ᠎ᠡ ᠮᠡᠳᠡᠭᠦᠯᠬᠦ ᠱᠠᠭᠠᠷᠳᠠᠯᠭ᠎ᠠ ᠪᠠ ᠶᠠᠪᠤᠴᠠ ᠶᠢᠨ ᠶᠣᠰᠣᠭᠠᠷ ᠨᠡᠷ᠎ᠡ ᠮᠡᠳᠡᠭᠦᠯᠦᠨ᠎ᠡ᠃ ᠨᠡᠷ᠎ᠡ ᠮᠡᠳᠡᠭᠦᠯᠦᠭᠴᠢ ᠨᠢ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠦᠨᠡᠨ ᠪᠣᠳᠠᠲᠠᠢ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠠᠮᠠᠯᠠᠯᠲᠠ ᠬᠢᠬᠦ ᠬᠡᠷᠡᠭᠲᠡᠢ᠃      ᠭᠠᠷ ᠤᠲᠠᠰᠤᠨ ᠤ ᠦᠵᠦᠭᠦᠷ ᠤᠨ ︽ᠮᠦ ᠶᠦᠨ ᠲᠤᠩ︾ ᠸᠢᠴᠠᠲ ᠤᠨ ᠵᠢᠵᠢᠭ ᠫᠷᠣᠭ᠍ᠷᠠᠮ ᠤᠨ ᠳᠠᠩᠰᠠᠯᠠᠯᠲᠠ ᠶᠢᠨ ᠨᠣᠮᠧᠷ᠂ ᠰᠢᠯᠭᠠᠯᠲᠠ ᠳᠤ ᠨᠡᠷ᠎ᠡ ᠮᠡᠳᠡᠭᠦᠯᠬᠦ ᠪᠣᠳᠠᠲᠠᠢ ᠠᠯᠬᠤᠮ ᠳᠠᠷᠠᠭ᠎ᠠ ᠶᠢ ︽ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ ᠤᠨ ᠵᠢᠵᠢᠭ ᠫᠷᠣᠭ᠍ᠷᠠᠮ ᠤᠨ ᠠᠵᠢᠯᠯᠠᠭᠠᠨ ᠤ ᠲᠣᠳᠣᠷᠬᠠᠶᠢᠯᠠᠯᠲᠠ︾ ︵ᠳᠠᠭᠠᠯᠳᠤᠭᠤᠯᠤᠯ︶ ᠳᠤ ᠨᠠᠷᠢᠨ ᠦᠵᠡᠭᠡᠷᠡᠢ᠃ ᠺᠣᠮᠫᠢᠦ᠋ᠲ᠋ᠧᠷ ᠤᠨ ᠦᠵᠦᠭᠦᠷ ᠲᠤ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾ ᠤᠨ ᠮᠡᠳᠡᠭᠡ ᠵᠠᠩᠭᠢ ᠶᠢᠨ ᠲᠠᠪᠴᠠᠩ ᠳᠤ ᠲᠡᠮᠳᠡᠭᠯᠡᠭᠰᠡᠨ ᠲᠠᠩᠰᠠᠨ ᠨᠣᠮᠧᠷ ᠵᠢᠴᠢ ᠨᠢᠭᠤᠴᠠ ᠨᠣᠮᠧᠷ ᠨᠢ ᠰᠢᠯᠭᠠᠭᠤᠯᠤᠭᠴᠢ ᠶᠢᠨ ︽ᠮᠦ ᠶᠦᠨ ᠲᠤᠩ︾ ᠸᠢᠴᠠᠲ ᠤᠨ ᠵᠢᠵᠢᠭ ᠫᠷᠣᠭ᠍ᠷᠠᠮ ᠳᠤ ᠳᠠᠩᠰᠠᠯᠠᠭᠤᠯᠤᠭᠰᠠᠨ ᠲᠠᠩᠰᠠᠨ ᠨᠣᠮᠧᠷ ᠵᠢᠴᠢ ᠨᠢᠭᠤᠴᠠ ᠨᠣᠮᠧᠷ ᠲᠠᠢ ᠠᠳᠠᠯᠢ ᠪᠠᠶᠢᠳᠠᠭ᠃      ︵ᠬᠤᠶᠠᠷ︶ ᠨᠡᠷ᠎ᠡ ᠮᠡᠳᠡᠭᠦᠯᠦᠭᠰᠡᠨ ᠢ ᠬᠢᠨᠠᠬᠤ ᠪᠠ ᠨᠤᠲᠠᠯᠠᠬᠤ      1.ᠠᠶᠢᠮᠠᠭ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ 2024 ᠣᠨ ᠤ 7 ᠰᠠᠷ᠎ᠠ ᠶᠢᠨ 31 ᠤ ᠡᠳᠦᠷ ᠠᠴᠠ ᠡᠮᠦᠨ᠎ᠡ ᠺᠣᠮᠫᠢᠦ᠋ᠲ᠋ᠧᠷ ᠤᠨ ᠦᠵᠦᠭᠦᠷ ᠲᠠᠬᠢ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾  ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠡᠮᠵᠢᠨ᠂ ᠲᠣᠰ ᠬᠠᠷᠢᠶ᠎ᠠ ᠣᠷᠣᠨ ᠤ ᠪᠠᠨ ᠨᠡᠷ᠎ᠡ ᠮᠡᠳᠡᠭᠦᠯᠦᠭᠰᠡᠳ ᠤᠨ ᠬᠢᠷᠢ ᠬᠡᠮ ᠢ ᠬᠢᠨᠠᠨ ᠬᠠᠷᠭᠤᠭᠤᠯᠬᠤ ᠶᠢ ᠪᠡᠶᠡᠯᠡᠭᠦᠯᠦᠨ᠎ᠡ᠃      2.ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2024 ᠣᠨ ᠤ 8 ᠰᠠᠷ᠎ᠠ ᠶᠢᠨ 3 ᠤ ᠡᠳᠦᠷ ᠠᠴᠠ ᠡᠮᠦᠨ᠎ᠡ ᠺᠣᠮᠫᠢᠦ᠋ᠲ᠋ᠧᠷ ᠤᠨ ᠦᠵᠦᠭᠦᠷ ᠲᠠᠬᠢ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾  ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠡᠮᠵᠢᠨ᠂ ᠨᠡᠷ᠎ᠡ ᠮᠡᠳᠡᠭᠦᠯᠦᠭᠰᠡᠨ ᠴᠠᠭ ᠤᠨ ᠡᠮᠦᠨ᠎ᠡ ᠬᠤᠶᠢᠨᠠᠬᠢ ᠲᠠᠰ ᠳᠠᠷᠠᠭᠠᠯᠠᠯ ᠶᠣᠰᠣᠭᠠᠷ᠂ ᠨᠡᠷ᠎ᠡ ᠮᠡᠳᠡᠭᠦᠯᠦᠭᠰᠡᠳ ᠤᠨ ᠬᠢᠷᠢ ᠬᠡᠮ ᠤᠨ ᠬᠢᠨᠠᠨ ᠬᠠᠷᠭᠤᠭᠤᠯᠬᠤ ᠭᠤᠶᠤᠴᠢᠯᠠᠯᠲᠠ ᠨᠢ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ᠂ ᠲᠣᠰ ᠤᠳᠠᠭᠠᠨ ᠤ ᠰᠢᠯᠭᠠᠨ ᠬᠢᠨᠠᠬᠤ ᠬᠢᠷᠢ ᠬᠡᠮ ᠳᠤ ᠣᠷᠣᠯᠴᠠᠬᠤ ᠢ ᠨᠤᠲᠠᠯᠠᠨ᠎ᠠ᠃      3.ᠨᠡᠷ᠎ᠡ ᠮᠡᠳᠡᠭᠦᠯᠦᠭᠰᠡᠳ 2024 ᠣᠨ ᠤ 8 ᠰᠠᠷ᠎ᠠ ᠶᠢᠨ 4 ᠤ ᠡᠳᠦᠷ ᠠᠴᠠ ᠡᠬᠢᠯᠡᠨ ᠺᠣᠮᠫᠢᠦ᠋ᠲ᠋ᠧᠷ ᠤᠨ ᠦᠵᠦᠭᠦᠷ ᠲᠠᠬᠢ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾ ᠶᠢᠨ ᠮᠡᠳᠡᠭᠡ ᠵᠠᠩᠭᠢ ᠶᠢᠨ ᠲᠠᠪᠴᠠᠩ ᠪᠤᠶᠤ ᠭᠠᠷ ᠤᠲᠠᠰᠤᠨ ᠤ ᠦᠵᠦᠭᠦᠷ ᠤᠨ ︽ᠮᠦ ᠶᠦᠨ ᠲᠤᠩ︾ ᠸᠢᠴᠠᠲ ᠤᠨ ᠵᠢᠵᠢᠭ ᠫᠷᠣᠭ᠍ᠷᠠᠮ ᠳᠤ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠠᠳ ᠬᠢᠷᠢ ᠲᠡᠩᠴᠡᠪᠡᠯ ᠰᠠᠶ᠋ᠢ ᠲᠣᠰ ᠤᠳᠠᠭᠠᠨ ᠤ ᠰᠢᠯᠭᠠᠨ ᠬᠢᠨᠠᠬᠤ ᠳᠤ ᠣᠷᠣᠯᠴᠠᠵᠤ ᠪᠣᠯᠣᠨ᠎ᠠ᠃      ᠳᠥᠷᠪᠡ᠂ ᠰᠢᠯᠭᠠᠭᠤᠯᠬᠤ ᠦᠨᠡᠮᠯᠡᠯ ᠢ ᠳᠠᠷᠤᠮᠠᠯᠯᠠᠬᠤ      ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠺᠣᠮᠫᠢᠦ᠋ᠲ᠋ᠧᠷ ᠤᠨ ᠦᠵᠦᠭᠦᠷ ᠲᠠᠬᠢ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠬᠤ ᠠᠵᠢᠯᠲᠠᠨ ᠤ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾ ᠶᠢᠨ ᠮᠡᠳᠡᠭᠡ ᠵᠠᠩᠭᠢ ᠶᠢᠨ ᠲᠠᠪᠴᠠᠩ ᠪᠤᠶᠤ ᠭᠠᠷ ᠤᠲᠠᠰᠤᠨ ᠤ ᠦᠵᠦᠭᠦᠷ ᠤᠨ ︽ᠮᠦ ᠶᠦᠨ ᠲᠤᠩ︾ ᠸᠢᠴᠠᠲ ᠤᠨ ᠵᠢᠵᠢᠭ ᠫᠷᠣᠭ᠍ᠷᠠᠮ ᠠᠴᠠ ᠰᠢᠯᠭᠠᠭᠤᠯᠬᠤ ᠦᠨᠡᠮᠯᠡᠯ ᠢ ᠥᠪᠡᠰᠦᠪᠡᠨ ᠳᠠᠷᠤᠮᠠᠯᠯᠠᠨ᠎ᠠ᠃      ᠲᠠᠪᠤ᠂ ᠰᠢᠯᠭᠠᠨ ᠬᠢᠨᠠᠬᠤ ᠴᠠᠭ᠂ ᠠᠷᠭ᠎ᠠ ᠵᠢᠴᠢ ᠰᠢᠯᠭᠠᠯᠲᠠ ᠶᠢᠨ ᠴᠡᠭ ᠤᠨ ᠲᠣᠬᠢᠷᠠᠭᠤᠯᠤᠯᠲᠠ      ︵ᠨᠢᠭᠡ︶ ᠰᠢᠯᠭᠠᠨ ᠬᠢᠨᠠᠬᠤ ᠴᠠᠭ      ᠬᠦᠬᠡᠬᠤᠲᠠ᠄ 10 ᠰᠠᠷ᠎ᠠ ᠶᠢᠨ 9 ᠤ ᠡᠳᠦᠷ᠂ 10᠄ 00 - 1 ᠄ 40      ᠲᠦᠩᠯᠢᠶᠣᠣ ᠬᠤᠲᠠ᠄ 8 ᠰᠠᠷ᠎ᠠ ᠶᠢᠨ 29 ᠤ ᠡᠳᠦᠷ᠂ 9᠄ 00 - 11᠄ 00      ᠤᠯᠠᠭᠠᠨᠬᠠᠳᠠ ᠬᠤᠲᠠ᠄ 8 ᠰᠠᠷ᠎ᠠ ᠶᠢᠨ 9 ᠤ ᠡᠳᠦᠷ᠂ 10᠄ 00-11᠄ 00᠂ 15᠄ 00-16᠄ 00      ᠤᠯᠠᠭᠠᠨᠴᠠᠪ ᠬᠤᠲᠠ᠄ 8 ᠰᠠᠷ᠎ᠠ ᠶᠢᠨ 30 ᠤ ᠡᠳᠦᠷ᠂ 10᠄ 00 - 11᠄ 00      ᠣᠷᠳᠣᠰ ᠬᠤᠲᠠ᠄ 8 ᠰᠠᠷ᠎ᠠ ᠶᠢᠨ 24 ᠤ ᠡᠳᠦᠷ᠂ 10᠄ 00 - 11᠄ 00      ︵ᠬᠤᠶᠠᠷ︶ ᠰᠢᠯᠭᠠᠨ ᠬᠢᠨᠠᠬᠤ ᠠᠷᠭ᠎ᠠ᠃ ᠲᠦᠪᠯᠡᠷᠡᠩᠭᠦᠢ ᠪᠢᠳᠡᠭᠦᠮᠵᠢᠯᠡᠭᠰᠡᠨ ᠰᠢᠯᠭᠠᠯᠳᠠ ᠶᠢᠨ ᠬᠠᠭᠤᠳᠠᠰᠤ᠂ ᠺᠣᠮᠫᠢᠶᠦ᠋ᠲ᠋ᠧᠷ ᠲᠤ ᠬᠢᠨᠠᠨ ᠰᠢᠯᠭᠠᠬᠤ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠢᠲᠤᠯᠬᠤ ᠮᠡᠷᠭᠡᠵᠢᠯ ᠤᠨ ᠲᠥᠪ ᠤᠨ ᠨᠡᠭᠡᠭᠡᠨ ᠬᠥᠭᠵᠢᠭᠦᠯᠦᠭᠰᠡᠨ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠰᠢᠯᠭᠠᠨ ᠬᠢᠨᠠᠬᠤ ᠰᠡᠳᠦᠪ ᠤᠨ ᠬᠥᠮᠥᠷᠭᠡ ᠪᠠ ᠰᠢᠯᠭᠠᠨ ᠬᠢᠨᠠᠬᠤ ᠮᠡᠳᠡᠭᠡ ᠵᠠᠩᠭᠢ ᠶᠢᠨ ᠰᠢᠰᠲ᠋ᠧᠮ ﹇ᠺᠣᠮᠫᠢᠶᠦ᠋ᠲ᠋ᠧᠷ ᠤᠨ ᠦᠵᠦᠭᠦᠷ ᠤᠨ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠬᠤ ᠠᠵᠢᠯᠲᠠᠨ ᠤ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾ ᠶᠢᠨ ᠮᠡᠳᠡᠭᠡ ᠵᠠᠩᠭᠢ ᠶᠢᠨ ᠲᠠᠪᠴᠠᠩ ᠪᠠ ᠭᠠᠷ ᠤᠲᠠᠰᠤᠨ ᠤ ᠦᠵᠦᠭᠦᠷ ᠤᠨ ︽ᠮᠦ ᠶᠦᠨ ᠲᠤᠩ︾ ᠸᠢᠴᠠᠲ ᠤᠨ ᠵᠢᠵᠢᠭ ᠫᠷᠣᠭ᠍ᠷᠠᠮ ᠳᠠᠬᠢ ︽ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︾ ᠤᠨ ᠬᠡᠰᠡᠭ᠂ ᠰᠢᠯᠭᠠᠨ ᠬᠢᠨᠠᠬᠤ ᠬᠥᠲᠥᠯᠪᠦᠷᠢ﹈  ᠶᠢ ᠨᠡᠷ᠎ᠡ ᠮᠡᠳᠡᠭᠦᠯᠦᠭᠰᠡᠳ ᠲᠤ ᠦᠨ᠎ᠡ ᠲᠥᠯᠥᠪᠦᠷᠢ ᠦᠭᠡᠢ ᠪᠠᠷ ᠦᠵᠡᠭᠦᠯᠦᠨ᠎ᠡ᠃      ︵ᠭᠤᠷᠪᠠ︶ ᠰᠢᠯᠭᠠᠨ ᠬᠢᠨᠠᠬᠤ ᠭᠠᠵᠠᠷ      ᠬᠥᠬᠡᠬᠤᠲᠠ᠄ ᠥᠪᠥᠷ ᠮᠣᠩᠭᠤᠯ ᠤᠨ ᠤᠮᠠᠷᠠᠲᠤ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠦᠢᠯᠡᠴᠢᠯᠡᠭᠡᠨ ᠤ ᠲᠥᠪ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠱᠤᠸᠠᠩ ᠾᠧ ᠵᠠᠮ ᠤᠨ ᠤᠮᠠᠷᠠᠲᠤ ᠶᠢᠨ ᠴᠢᠳᠠᠪᠤᠷᠢᠲᠠᠨ ᠤ ᠲᠣᠮᠣ ᠠᠰᠠᠷ︶︔      ᠲᠦᠩᠯᠢᠶᠣᠣ ᠬᠤᠲᠠ᠄ ᠲᠦᠩᠯᠢᠶᠣᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠯᠢᠶᠣᠤ ᠾᠧ ᠶᠡᠭᠡ ᠵᠡᠭᠡᠯᠢ ᠶᠢᠨ ᠵᠡᠭᠦᠨ ᠬᠡᠰᠡᠭ︶︔      ᠤᠯᠠᠭᠠᠨᠬᠠᠳᠠ ᠬᠤᠲᠠ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠤᠯᠠᠭᠠᠨᠬᠠᠳᠠ ᠬᠤᠲᠠ ᠶᠢᠨ ᠰᠢᠨ᠎ᠡ ᠬᠤᠲᠠ ᠶᠢᠨ ᠸᠠᠩ ᠤᠨ ᠣᠷᠳᠣᠨ ᠶᠡᠭᠡ ᠵᠡᠭᠡᠯᠢ ᠶᠢᠨ 2 ᠳ᠋ᠤᠭᠠᠷ ᠨᠣᠮᠧᠷ ᠡᠾᠦ᠋ᠢ ᠲᠦᠩ ᠠᠰᠠᠷ ᠤᠨ ᠨᠢᠭᠡᠳᠦᠭᠡᠷ ᠳᠠᠪᠬᠤᠷᠯᠢᠭ ᠤᠨ 111 ᠳ᠋ᠦ᠋ᠭᠡᠷ ᠥᠷᠥᠭᠡ︶︔      ᠤᠯᠠᠭᠠᠨᠴᠠᠪ ᠬᠤᠲᠠ᠄ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠮᠠᠨᠳᠠ ᠵᠡᠭᠦᠨ ᠵᠡᠭᠡᠯᠢ ᠶᠢᠨ ᠱᠦ ᠭᠤᠸᠠᠩ ᠡᠮᠦᠨ᠎ᠡ ᠵᠠᠮ ᠤᠨ 1 ᠳ᠋ᠦ᠋ᠭᠡᠷ ᠨᠣᠮᠧᠷ︶︔      ᠣᠷᠳᠣᠰ ᠬᠤᠲᠠ᠄ ᠣᠷᠳᠣᠰ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠰᠠᠶᠢᠬᠠᠨ ᠵᠡᠭᠡᠯᠢ ᠶᠢᠨ 1 ᠳ᠋ᠦ᠋ᠭᠡᠷ ᠨᠣᠮᠧᠷ︶᠃      ︵ᠳᠥᠷᠪᠡ︶ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠃ ᠲᠣᠰ ᠤᠳᠠᠭᠠᠨ ᠤ ᠬᠢᠨᠠᠨ ᠰᠢᠯᠭᠠᠯᠲᠠ ᠶᠢ ᠡᠯ᠎ᠡ ᠠᠶᠢᠮᠠᠭ ᠬᠤᠲᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠳᠦᠢ ᠲᠡᠳᠦᠢ ᠰᠢᠯᠭᠠᠯᠲᠠ ᠶᠢᠨ ᠲᠠᠯᠠᠪᠠᠶ ᠲᠣᠬᠢᠷᠠᠭᠤᠯᠤᠨ᠎ᠠ᠃      ︵ᠲᠠᠪᠤ︶ ᠲᠠᠯᠠᠪᠤᠷ ᠲᠤ ᠣᠷᠣᠬᠤ ᠱᠠᠭᠠᠷᠳᠠᠯᠭ᠎ᠠ᠃ ᠰᠢᠯᠭᠠᠯᠲᠠ ᠳᠤ ᠣᠷᠣᠯᠴᠠᠭᠰᠠᠳ 30 ᠮᠢᠨᠦ᠋ᠲ ᠡᠮᠦᠨ᠎ᠡ ᠲᠠᠯᠠᠪᠤᠷ ᠲᠤ ᠣᠷᠣᠪᠡᠯ ᠵᠣᠬᠢᠰᠲᠠᠢ᠂ ᠬᠢᠨᠠᠨ ᠰᠢᠯᠭᠠᠯᠲᠠ ᠬᠢᠭᠡᠳ 20 ᠮᠢᠨᠦ᠋ᠲ ᠤᠨ ᠳᠠᠷᠠᠭ᠎ᠠ ᠰᠢᠯᠭᠠᠯᠲᠠ ᠶᠢᠨ ᠲᠠᠯᠠᠪᠤᠷ ᠲᠤ ᠣᠷᠣᠬᠤ ᠶᠢ ᠴᠠᠭᠠᠵᠠᠯᠠᠨ᠎ᠠ᠃ ᠰᠢᠯᠭᠠᠯᠲᠠ ᠳᠤ ᠣᠷᠣᠯᠴᠠᠭᠰᠠᠳ ᠲᠣᠰ ᠬᠥᠮᠥᠨ ᠤ ᠰᠢᠯᠭᠠᠭᠤᠯᠬᠤ ᠦᠨᠡᠮᠯᠡᠯ ᠪᠠ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠠᠪᠴᠤ ᠲᠠᠯᠠᠪᠤᠷ ᠲᠤ ᠣᠷᠣᠵᠤ᠂ ᠬᠤᠶᠠᠷ ᠦᠨᠡᠮᠯᠡᠯ ᠨᠢ ᠪᠦᠷᠢᠨ ᠪᠤᠰᠤ᠂ ᠨᠢᠭᠡᠳᠦᠯ ᠦᠭᠡᠢ ᠪᠤᠶᠤ ᠦᠨᠡᠮᠯᠡᠯ ᠨᠢ ᠬᠤᠭᠤᠴᠠᠭ᠎ᠠ ᠠᠴᠠ ᠬᠡᠲᠦᠷᠡᠭᠰᠡᠨ ᠢ ᠲᠠᠯᠠᠪᠤᠷ ᠲᠤ ᠣᠷᠣᠬᠤ ᠶᠢ ᠴᠢᠩᠭ᠎ᠠ ᠴᠠᠭᠠᠵᠠᠯᠠᠨ᠎ᠠ᠃      ᠵᠢᠷᠭᠤᠭ᠎ᠠ᠂ ᠰᠢᠯᠭᠠᠨ ᠬᠢᠨᠠᠬᠤ ᠠᠭᠤᠯᠭ᠎ᠠ      ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠢ ᠰᠢᠯᠭᠠᠨ ᠬᠢᠨᠠᠬᠤ ᠳᠤ ᠪᠦᠬᠦ ᠤᠯᠤᠰ ᠤᠨ ᠨᠢᠭᠡᠳᠦᠯᠲᠡᠢ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠱᠠᠭᠠᠷᠳᠠᠯᠭ᠎ᠠ ᠶᠢᠨ ᠪᠠᠷᠢᠮᠵᠢᠶ᠎ᠠ᠂ ᠪᠦᠬᠦ ᠤᠯᠤᠰ ᠤᠨ ᠨᠢᠭᠡᠳᠦᠯᠲᠡᠢ ᠰᠢᠯᠭᠠᠨ ᠬᠢᠨᠠᠬᠤ ᠬᠥᠲᠥᠯᠪᠦᠷᠢ ᠶᠢ ᠬᠡᠷᠡᠭᠵᠢᠭᠦᠯᠦᠨ᠎ᠡ᠂ ᠭᠤᠣᠯᠳᠠᠭᠤ ᠮᠠᠯ ᠵᠢᠭᠦᠷᠲᠡᠨ ᠨᠢᠲᠤᠯᠬᠤ᠂ ᠠᠮᠢᠲᠠᠨ ᠤ ᠬᠢᠵᠢᠭ ᠰᠡᠷᠭᠡᠶᠢᠯᠡᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠰᠠᠭᠤᠷᠢ ᠮᠡᠳᠡᠯᠭᠡ᠂ ᠪᠣᠳᠠᠲᠠᠢ ᠠᠵᠢᠯᠯᠠᠭᠠᠨ ᠤ ᠵᠢᠷᠤᠮᠵᠢᠯ ᠤᠨ ᠱᠠᠭᠠᠷᠳᠠᠯᠭ᠎ᠠ ᠵᠡᠷᠭᠡ ᠶᠢ ᠰᠢᠯᠭᠠᠨ ᠬᠢᠨᠠᠵᠤ᠂ ᠪᠣᠳᠠᠲᠠᠢ ᠰᠢᠯᠭᠠᠨ ᠬᠢᠨᠠᠬᠤ ᠬᠡᠪᠴᠢᠶ᠎ᠡ ᠶᠢ ︽ᠠᠮᠢᠳᠤ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠱᠠᠭᠠᠷᠳᠠᠯᠭ᠎ᠠ︾ ︵NY/T3350-2021︶ ᠪᠠ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠬᠢᠨᠠᠨ ᠰᠢᠯᠭᠠᠬᠤ ᠬᠥᠲᠥᠯᠪᠦᠷᠢ ᠳᠤ ᠦᠵᠡᠭᠡᠷᠡᠢ᠃      ᠳᠣᠯᠤᠭ᠎ᠠ᠂ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠨᠡᠮᠯᠡᠯ ᠣᠯᠭᠤᠬᠤ      ᠰᠢᠯᠭᠠᠨ ᠬᠢᠨᠠᠭᠰᠠᠨ ᠬᠢᠷᠢ ᠪᠦᠲᠦᠮᠵᠢ ᠶᠢ ᠨᠤᠲᠠᠯᠠᠭᠰᠠᠨ ᠤ ᠳᠠᠷᠠᠭ᠎ᠠ᠂ ᠰᠢᠯᠭᠠᠨ ᠬᠢᠨᠠᠬᠤ ᠰᠢᠰᠲ᠋ᠧᠮ  ᠨᠢ ᠤᠷᠢᠳᠴᠢᠯᠠᠨ ᠲᠣᠭᠲᠠᠭᠠᠭᠰᠠᠨ ᠳᠦᠷᠢᠮ ᠶᠣᠰᠣᠭᠠᠷ᠂ ᠠᠮᠢᠳᠤ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠬᠤ ᠠᠵᠢᠯᠲᠠᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ᠤᠨ ᠡᠯᠧᠺᠲᠷᠣᠨ ᠬᠡᠪᠯᠡᠯ ᠢ ᠪᠣᠶ ᠪᠣᠯᠭᠠᠨ᠎ᠠ᠃ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ  ᠢ ᠡᠯ᠎ᠡ ᠠᠶᠢᠮᠠᠭ ᠬᠤᠲᠠ ᠬᠠᠷᠢᠭᠤᠴᠠᠨ ᠣᠯᠭᠤᠨ᠎ᠠ᠃      ᠨᠠᠢᠮᠠ᠂ ᠪᠤᠰᠤᠳ ᠵᠦᠢᠯ      ︵ᠨᠢᠭᠡ︶ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠪᠠᠶᠢᠴᠠᠭᠠᠨ ᠰᠢᠯᠭᠠᠬᠤ ᠠᠵᠢᠯᠲᠠᠨ ᠤ ᠬᠢᠨᠠᠨ ᠰᠢᠯᠭᠠᠯᠲᠠ  ᠨᠢ ᠰᠦᠢᠳᠬᠡᠯ ᠬᠤᠷᠢᠶᠠᠬᠤ ᠦᠭᠡᠢ᠂ ᠬᠢᠷᠢ ᠪᠦᠲᠦᠮᠵᠢ ᠶᠢ ᠬᠢᠨᠠᠨ ᠪᠠᠶᠢᠴᠠᠭᠠᠬᠤ ᠦᠭᠡᠢ᠃      ︵ᠬᠤᠶᠠᠷ︶ ᠨᠡᠷ᠎ᠡ ᠮᠡᠳᠡᠭᠦᠯᠬᠦ ᠬᠢᠨᠠᠨ ᠰᠢᠯᠭᠠᠯᠲᠠ ᠶᠢᠨ ᠰᠢᠰᠲ᠋ᠧᠮ ᠳᠤ ᠳᠠᠮᠵᠢᠭᠤᠯᠬᠤ ᠬᠡᠷᠡᠯ ᠵᠢᠷᠤᠭ  ᠨᠢ ᠨᠢᠭᠡᠳᠦᠯᠲᠡᠢ ᠨᠢᠭᠡ ᠢᠮᠠᠬᠤ ᠶᠢᠨ ᠬᠥᠬᠡ ᠢᠷᠤᠭᠠᠷ ᠤᠨ ᠣᠶᠢᠷ᠎ᠠ ᠶᠢᠨ ᠬᠤᠭᠤᠴᠠᠭᠠᠨ ᠤ ᠲᠢᠲᠢᠮ ᠦᠭᠡᠢ ᠬᠡᠷᠡᠯ ᠵᠢᠷᠤᠭ᠂ ᠭᠡᠷᠡᠯ ᠵᠢᠷᠤᠭ ᠨᠢ ᠬᠢᠷᠢ ᠲᠡᠩᠴᠡᠬᠦ ᠦᠭᠡᠢ ᠪᠣᠯ ᠬᠢᠨᠠᠨ ᠰᠢᠯᠭᠠᠯᠲᠠ ᠶᠢ ᠦᠩᠭᠡᠷᠡᠭᠡᠬᠦ ᠦᠭᠡᠢ᠃      ︵ᠭᠤᠷᠪᠠ︶ ᠡᠯ᠎ᠡ ᠠᠶᠢᠮᠠᠭ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠢᠯᠭᠠᠯᠲᠠ ᠠᠴᠠ ᠡᠮᠦᠨᠡᠬᠢ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠡᠷᠭᠢᠯᠡᠵᠦ᠂ ᠰᠢᠯᠭᠠᠯᠲᠠ ᠳᠤ ᠣᠷᠣᠯᠴᠠᠬᠤ ᠬᠥᠮᠥᠰ ᠢ ︽ᠮᠠᠯ ᠡᠮᠨᠡᠯᠭᠡ ᠶᠢᠨ ᠡᠷᠡᠭᠦᠯ ᠬᠠᠮᠠᠭᠠᠯᠠᠯ ‍ᠤᠨ‌‍ᠪᠠᠶᠢᠴᠠᠭᠠᠨ ᠰᠢᠯᠭᠠᠬᠤ ᠠᠵᠢᠯᠲᠠᠨ ᠢ ᠰᠢᠯᠭᠠᠨ ᠬᠢᠨᠠᠬᠤ ︵ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ︶︾ ᠶᠢᠨ ᠮᠡᠳᠡᠭᠡ ᠵᠠᠩᠬᠢ ᠶᠢᠨ ᠲᠠᠪᠴᠠᠩ ᠳᠤ ᠪᠣᠯᠪᠠᠰᠤᠷᠠᠭᠤᠯᠬᠤ ᠶᠢ ᠬᠢᠵᠦ᠂ ᠪᠣᠳᠠᠲᠠᠢ ᠪᠣᠯᠪᠠᠰᠤᠷᠠᠭᠤᠯᠤᠯ ᠤᠨ ᠴᠥᠷᠬᠡᠯᠡᠭᠡ ᠶᠢ ᠠᠰᠳᠠᠭᠠᠨ ᠮᠡᠳᠡᠭᠳᠡᠨ᠎ᠡ᠂ ᠰᠢᠯᠭᠠᠯᠲᠠ ᠳᠤ ᠣᠷᠣᠯᠴᠠᠬᠤ ᠬᠥᠮᠥᠰ ᠴᠠᠭ ᠲᠤᠬᠠᠢ ᠳᠤᠨᠢ ᠣᠷᠣᠯᠴᠠᠭᠠᠷᠠᠢ᠃      ︵ᠳᠥᠷᠪᠡ︶ ᠨᠡᠷ᠎ᠡ ᠮᠡᠳᠡᠭᠦᠯᠦᠭᠰᠡᠳ ᠤᠨ ᠳᠠᠪᠲᠠᠨ ᠰᠢᠯᠭᠠᠯᠲᠠ ᠳᠤ ᠪᠡᠯᠡᠳᠬᠡᠬᠦ ᠠᠭᠤᠯᠭ᠎ᠠ᠂ ᠪᠣᠯᠪᠠᠰᠤᠷᠠᠭᠤᠯᠤᠯ ᠤᠨ ᠠᠭᠤᠯᠭ᠎ᠠ ᠨᠢ ᠬᠢᠨᠠᠨ ᠰᠢᠯᠭᠠᠬᠤ ᠬᠥᠲᠥᠯᠪᠦᠷᠢ ᠪᠠ ᠪᠦᠬᠦ ᠤᠯᠤᠰ ᠲᠤ ᠨᠡᠶᠢᠳᠡᠮ ᠬᠡᠷᠡᠭᠯᠡᠵᠦ ᠪᠠᠶᠢᠭ᠎ᠠ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ﹇ᠳᠤᠮᠳᠠᠳᠤ ᠤᠯᠤᠰ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ︵ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠨᠢᠲᠤᠯᠬᠤ ᠮᠡᠷᠭᠡᠵᠢᠯ ᠤᠨ ᠲᠥᠪ︶ ᠤᠨ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠭᠰᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠬᠡᠪᠯᠡᠯ ᠤᠨ ᠬᠤᠷᠢᠶ᠎ᠠ ᠶᠢᠨ 2021 ᠣᠨ ᠤ 8 ᠰᠠᠷ᠎ᠠ ᠳᠤ ᠬᠡᠪᠯᠡᠭᠦᠯᠦᠭᠰᠡᠨ ︽ᠪᠥᠬᠦ ᠤᠯᠤᠰ ᠤᠨ ᠠᠮᠢᠲᠣ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ﹈ ᠢᠶᠠᠷ ᠰᠠᠭᠤᠷᠢ ᠪᠣᠯᠭᠠᠵᠤ᠂ ᠭᠤᠣᠯᠳᠠᠭᠤ ᠮᠢᠬᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠬᠤᠯᠪᠣᠭᠳᠠᠯ ᠪᠦᠬᠦᠢ ᠦᠨᠳᠦᠰᠦᠨ ᠮᠡᠳᠡᠯᠭᠡ᠂ ᠨᠢᠲᠤᠯᠬᠤ ᠠᠴᠠ ᠡᠮᠦᠨᠡᠬᠢ ᠰᠢᠯᠭᠠᠨ ᠪᠠᠶᠢᠴᠠᠭᠠᠬᠤ ᠪᠠ ᠨᠢᠲᠤᠯᠤᠭᠰᠠᠨ ᠤ ᠳᠠᠷᠠᠭᠠᠬᠢ ᠰᠢᠯᠭᠠᠨ ᠪᠠᠶᠢᠴᠠᠭᠠᠬᠤ ᠠᠵᠢᠯᠯᠠᠭᠠᠨ ᠤ ᠤᠷ᠎ᠠ ᠴᠢᠳᠠᠪᠤᠷᠢ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠵᠡᠷᠭᠡ ᠶᠢ ᠪᠠᠭᠲᠠᠭᠠᠨ᠎ᠠ᠃      ︵ᠲᠠᠪᠤ︶ ︽ᠠᠮᠢᠲᠣ ᠭᠠᠭ᠋ᠠᠢ ᠨᠢᠲᠤᠯᠬᠤ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ ᠪᠠᠶᠢᠴᠠᠭᠠᠬᠤ ᠠᠵᠢᠯᠲᠠᠨ ᠤ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠱᠠᠭᠠᠷᠳᠠᠯᠭ᠎ᠠ︾ ︵NY/T3350-202︶ ᠳᠤ ᠵᠢᠭᠰᠠᠭᠠᠭᠰᠠᠨ ᠲᠤᠯᠭᠤᠷ ᠪᠢᠴᠢᠭ ︽ᠠᠮᠢᠲᠣ ᠭᠠᠭ᠋ᠠᠢ ᠨᠢᠲᠤᠯᠬᠤ ᠬᠢᠵᠢᠭ ᠤᠨ ᠪᠠᠶᠢᠴᠠᠭᠠᠯᠲᠠ ᠶᠢᠨ ᠳᠦᠷᠢᠮ︾ ᠢ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︿ᠠᠮᠢᠲᠣ ᠭᠠᠭ᠋ᠠᠢ ᠶᠢᠨ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠳᠦᠷᠢᠮ﹀ ᠵᠡᠷᠭᠡ 22 ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ︹2020︺16 ᠳ᠋ᠤᠭᠠᠷ ᠲᠣᠭᠠᠲᠤ︶ ᠤᠨ ᠳᠠᠭᠠᠯᠳᠤᠭᠤᠯᠤᠯ 15 ᠪᠠᠷ ᠪᠠᠷᠢᠮᠵᠢᠶᠠᠯᠠᠨ᠎ᠠ᠃       ᠳᠠᠭᠠᠯᠳᠤᠭᠤᠯᠤᠯ᠄ ᠨᠢᠳᠤᠯᠬᠤ ᠶᠢ ᠪᠠᠶᠢᠴᠠᠭᠠᠨ ᠰᠢᠯᠭᠠᠬᠤ ᠶᠠᠪᠤᠳᠠᠯ ᠤᠨ ᠵᠢᠵᠢᠭ ᠫᠷᠣᠭ᠍ᠷᠠᠮ ᠤᠨ ᠠᠵᠢᠯᠯᠠᠭᠠᠨ ᠤ ᠲᠣᠳᠣᠷᠬᠠᠶᠢᠯᠠᠯᠲᠠ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                            2024 ᠣᠨ ᠤ 7 ᠰᠠᠷ᠎ᠠ ᠶᠢᠨ 19 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号