ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠣᠶᠤᠨᠲᠤ ᠬᠦᠯᠡᠮᠵᠢ ᠶᠢᠨ ᠲᠥᠷᠥᠯ ᠵᠦᠢᠯ ᠤᠨ ᠬᠠᠮᠲᠤᠷᠠᠨ ᠠᠵᠢᠯᠯᠠᠬᠤ ᠡᠳᠡᠭᠡᠳ ᠢ ᠡᠯᠰᠡᠨ ᠴᠤᠭᠯᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/19
      ᠲᠦᠭᠦᠭᠡᠷᠦᠮᠵᠢᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠠᠵᠤ ᠦᠢᠯᠡᠰ ᠤᠨ ᠬᠢᠯᠠᠰ ᠴᠡᠭ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠦᠭᠦᠭᠡᠷᠦᠮᠵᠢᠲᠤ ᠲᠠᠷᠢᠶᠠᠯᠠᠩ ᠤᠨ ᠣᠯᠠᠨ ᠴᠢᠳᠠᠮᠵᠢ ᠶᠢ ᠥᠷᠭᠡᠳᠬᠡᠬᠦ ᠪᠠ ᠴᠢᠨᠠᠷ ᠰᠠᠶᠢᠲᠠᠢ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠤᠶᠢᠨ᠎ᠡ ᠳᠤᠭᠤᠷᠢᠭ ᠲᠤ ᠪᠠᠶᠢᠷᠢᠯᠠᠵᠤ ᠪᠠᠶᠢᠭ᠎ᠠ ᠣᠶᠤᠨᠲᠤ ᠬᠦᠯᠡᠮᠵᠢ ︵ᠳᠣᠷᠣᠭᠰᠢ ᠣᠶᠤᠨᠲᠤ ᠬᠦᠯᠡᠮᠵᠢ ᠭᠡᠵᠦ ᠲᠣᠪᠴᠢᠯᠠᠨ᠎ᠠ︶ ᠶᠢ ᠠᠮᠢᠳᠤᠯᠢᠭ ᠪᠣᠯᠭᠠᠨ ᠠᠰᠢᠭᠯᠠᠬᠤ  ᠶᠢᠨ ᠲᠥᠯᠥᠭᠡ᠂ ᠡᠳᠦᠭᠡ ᠬᠠᠮᠲᠤᠷᠠᠨ ᠠᠵᠢᠯᠯᠠᠬᠤ ᠡᠳᠡᠭᠡᠳ ᠢ ᠢᠯᠡ ᠪᠠᠷ ᠡᠯᠰᠡᠨ ᠴᠤᠭᠯᠠᠭᠤᠯᠵᠤ ᠪᠠᠶᠢᠨ᠎ᠠ᠂ ᠬᠠᠮᠢᠶ᠎ᠠ ᠪᠦᠬᠦᠢ ᠪᠠᠶᠢᠳᠠᠯ ᠵᠢᠴᠢ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠃      ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ      ︵ᠨᠢᠭᠡ︶ ᠲᠥᠷᠥᠯ ᠵᠦᠢᠯ ᠤᠨ ᠭᠠᠵᠠᠷ᠃ ᠬᠥᠬᠡᠬᠤᠳᠠ ᠶᠢᠨ ᠤᠯᠠᠬᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠠᠰᠠᠷ ᠤᠨ ᠡᠮᠦᠨ᠎ᠡ ᠲᠠᠯ᠎ᠠ᠃      ︵ᠬᠤᠶᠠᠷ︶ ᠪᠦᠲᠦᠭᠡᠨ ᠪᠠᠶᠢᠭᠤᠯᠤᠯᠲᠠ ᠶᠢᠨ ᠬᠠᠷᠠᠯᠲᠠ᠃ ᠣᠷᠣᠨ ᠤ ᠲᠥᠪ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠤᠨ ᠳᠠᠪᠠᠭᠤᠯᠢᠭ ᠪᠠ ᠤᠬᠠᠭᠤᠯᠭ᠎ᠠ ᠶᠢᠨ ᠰᠠᠴᠤᠷᠠᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠶᠤᠨᠲᠤ ᠬᠦᠯᠡᠮᠵᠢ ᠶᠢ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠵᠠᠭᠪᠤᠷ ᠤᠨ ᠲᠤᠷᠰᠢᠯᠲᠠ ᠶᠢᠨ ᠰᠤᠳᠤᠯᠭᠠᠨ᠂ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ᠂ ᠪᠣᠳᠠᠲᠤ ᠠᠵᠢᠯᠯᠠᠭᠠᠨ ᠤ ᠪᠣᠯᠪᠠᠰᠤᠷᠠᠭᠤᠯᠤᠯ᠂ ᠲᠣᠭᠤᠷᠢᠨ ᠦᠵᠡᠵᠦ ᠰᠤᠷᠤᠯᠴᠠᠬᠤ᠂ ᠦᠢᠯᠡᠳᠬᠦᠨ ᠢ ᠰᠢᠯᠭᠠᠨ ᠦᠵᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠦᠭᠦᠭᠡᠷᠦᠮᠵᠢᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠪᠴᠠᠩ ᠪᠣᠯᠭᠠᠨ ᠪᠠᠶᠢᠭᠤᠯᠤᠨ᠎ᠠ᠃      ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠬᠠᠮᠲᠤᠷᠠᠨ ᠠᠵᠢᠯᠯᠠᠬᠤ ᠡᠳᠡᠭᠡᠳ  ᠨᠢ ᠰᠠᠶᠢᠨ ᠰᠠᠶᠢᠬᠠᠨ ᠢᠲᠡᠭᠡᠯ ᠬᠦᠨᠳᠦ ᠪᠠ ᠲᠦᠭᠦᠭᠡᠷᠦᠮᠵᠢᠲᠤ ᠲᠠᠷᠢᠶᠠᠯᠠᠩ ᠤᠨ ᠡᠵᠡᠩᠨᠡᠯᠲᠡ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠷᠰᠢᠯᠭ᠋᠎ᠠ ᠲᠠᠢ ᠪᠠᠶᠢᠬᠤ ᠬᠡᠷᠡᠭᠲᠡᠢ᠃      ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ 5000 ᠲᠡᠭᠰᠢ ᠳᠥᠷᠪᠡᠯᠵᠢᠨ ᠮᠧᠲᠷ ᠤᠨ ᠣᠶᠤᠨᠲᠤ ᠬᠦᠯᠡᠮᠵᠢ ᠬᠠᠩᠭᠠᠵᠤ᠂ ᠬᠠᠮᠲᠤᠷᠠᠨ ᠠᠵᠢᠯᠯᠠᠬᠤ ᠡᠳᠡᠭᠡᠳ ᠠᠴᠠ ᠰᠡᠯᠪᠢᠨ ᠵᠠᠰᠠᠵᠤ ᠥᠭᠡᠷᠡᠴᠢᠯᠡᠬᠦ ᠪᠠ ᠬᠠᠮᠢᠶ᠎ᠠ ᠪᠦᠬᠦᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠬᠠᠷᠢᠭᠤᠴᠠᠬᠤ ᠬᠡᠷᠡᠭᠲᠡᠢ᠃      ︵ᠭᠤᠷᠪᠠ︶ ᠬᠠᠮᠲᠤᠷᠠᠨ ᠠᠵᠢᠯᠯᠠᠬᠤ ᠡᠳᠡᠭᠡᠳ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠣᠬᠢᠷᠠᠭᠤᠯᠤᠭᠰᠠᠨ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠪᠣᠳᠠᠲᠤ ᠠᠵᠢᠯᠯᠠᠭᠠᠨ ᠤ ᠪᠣᠯᠪᠠᠰᠤᠷᠠᠭᠤᠯᠤᠯ᠂ ᠲᠣᠭᠤᠷᠢᠨ ᠦᠵᠡᠵᠦ ᠰᠤᠷᠤᠯᠴᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠬᠠᠭᠤᠯᠬᠤ ᠵᠡᠷᠭᠡ ᠠᠵᠢᠯᠯᠠᠭ᠎ᠠ ᠶᠢ ᠵᠠᠯᠭᠠᠨ ᠵᠣᠯᠭᠠᠭᠤᠯᠬᠤ ᠴᠢᠬᠤᠯᠠᠲᠠᠢ ᠪᠥᠭᠡᠳ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃      ︵ᠳᠥᠷᠪᠡ︶ ᠬᠠᠮᠲᠤᠷᠠᠨ ᠠᠵᠢᠯᠯᠠᠬᠤ ᠡᠳᠡᠭᠡᠳ ᠨᠢ ᠲᠤᠰᠠᠭᠠᠷ ᠡᠵᠡᠩᠨᠡᠵᠦ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠬᠡᠷᠡᠭᠲᠡᠢ᠃      ᠭᠤᠷᠪᠠ᠂ ᠡᠯᠰᠡᠨ ᠴᠤᠭᠯᠠᠭᠤᠯᠬᠤ ᠠᠷᠭ᠎ᠠ ᠪᠠ ᠴᠠᠭ ᠬᠤᠭᠤᠴᠠᠭ᠎ᠠ      ︵ᠨᠢᠭᠡ︶ ᠡᠯᠰᠡᠨ ᠴᠤᠭᠯᠠᠭᠤᠯᠬᠤ ᠠᠷᠭ᠎ᠠ᠃ ᠰᠠᠨᠠᠮᠵᠢ ᠶᠢᠨ ᠪᠢᠴᠢᠭ ᠢ ᠲᠣᠭᠲᠠᠭᠰᠠᠨ ᠢᠮᠧᠯ ᠳᠤ ᠢᠯᠡᠭᠡᠵᠦ᠂ ᠠᠭᠤᠯᠭ᠎ᠠ ᠨᠢ ᠺᠣᠮᠫᠠᠨᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠵᠢᠴᠢ ᠬᠠᠷᠢᠯᠴᠠᠬᠤ ᠠᠷᠭ᠎ᠠ ᠬᠡᠯᠪᠡᠷᠢ ᠶᠢ ᠪᠠᠭᠲᠠᠭᠠᠬᠤ ᠬᠡᠷᠡᠭᠲᠡᠢ᠃ ᠪᠣᠳᠠᠲᠠᠢ ᠨᠠᠷᠢᠨ ᠵᠦᠢᠯᠡᠰ ᠢ ᠨᠢᠭᠤᠷᠳᠠᠨ ᠶᠠᠷᠢᠯᠴᠠᠨ᠎ᠠ᠃      ︵ᠬᠤᠶᠠᠷ︶ ᠡᠯᠰᠡᠬᠦ ᠴᠠᠭ ᠬᠤᠭᠤᠴᠠᠭ᠎ᠠ᠃ ᠲᠤᠰ ᠡᠳᠦᠷ ᠠᠴᠠ ᠡᠬᠢᠯᠡᠨ 7 ᠰᠠᠷ᠎ᠠ  ᠶᠢᠨ 25 ᠤ ᠡᠳᠦᠷ ᠪᠤᠯᠲᠠᠯ᠎ᠠ᠃      ᠳᠥᠷᠪᠡ᠂ ᠬᠠᠷᠢᠯᠴᠠᠬᠤ ᠠᠷᠭ᠎ᠠ      ᠬᠠᠷᠢᠯᠴᠠᠬᠤ ᠬᠥᠮᠥᠨ᠄ ᠸᠠᠩ ᠮᠧᠩ᠂ ᠰᠢᠶᠣᠣ ᠵᠢᠶᠧ      ᠤᠲᠠᠰᠤ᠄ 13126561978᠂ 18947670051      ᠢᠮᠧᠯ᠄ tgzxjzc@163.com                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                          2024 ᠣᠨ ᠤ 7 ᠰᠠᠷ᠎ᠠ ᠶᠢᠨ 19 ᠤ ᠡᠳᠦᠷ
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号