ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠬᠤᠷᠠᠯ ᠬᠢᠩᠭᠠᠨ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2024/7/19
      7 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠲᠦᠯᠬᠢᠨ ᠠᠬᠢᠭᠤᠯᠬᠤ ᠬᠤᠷᠠᠯ ᠬᠢᠩᠭᠠᠨ ᠠᠶᠢᠮᠠᠭ ᠲᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠮᠦᠨᠡᠬᠢ ᠨᠢᠭᠡ ᠱᠠᠲᠤᠨ ᠤ ᠠᠵᠢᠯ ᠢ ᠳ᠋ᠦᠩᠨᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠷᠢᠯᠠᠭᠤᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠭᠡᠵᠢᠩ ᠬᠤᠲᠠ ᠶᠢᠨ ᠳᠣᠯᠣᠳᠤᠭᠠᠷ ᠪᠦᠯᠦᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠥᠪᠥᠷ ᠮᠣᠩᠭᠤᠯ ᠤᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠳᠠᠭᠠᠭᠤᠯᠤᠭᠴᠢ ᠭᠧ ᠵᠢᠶᠦ᠋ᠨ ᠺᠠᠢ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠹᠧᠩ ᠠᠢ ᠰᠢᠶᠠ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠦᠷᠭᠦᠯᠵᠢᠯᠡᠨ ᠬᠦᠴᠦ ᠨᠡᠮᠡᠷᠢᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠲᠦᠷᠪᠡᠨ ᠵᠦᠢᠯ ᠤᠨ ᠠᠵᠢᠯᠯᠠᠭ᠎ᠠ︾  ᠶᠢ ᠥᠷᠨᠢᠭᠦᠯᠵᠦ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾  ᠶᠢ ᠬᠡᠷᠡᠭᠵᠢᠭᠦᠯᠵᠦ᠂ ᠬᠠᠮᠵᠢᠯᠴᠠᠬᠤ ᠬᠦᠷᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠮᠵᠢᠯᠴᠠᠬᠤ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠷᠤᠭᠰᠢᠲᠠᠢ ᠶᠠᠪᠤᠭᠳᠠᠵᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠭᠤᠣᠯᠳᠠᠯᠭ᠎ᠠ ᠲᠠᠢ ᠡᠭᠦᠷᠭᠡ ᠶᠢ ᠲᠤᠪᠤᠶᠢᠯᠭᠠᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠤᠯᠤᠰ ᠤᠨ ᠬᠢᠨᠠᠨ ᠰᠢᠯᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠵᠥᠪᠯᠡᠯᠴᠡᠭᠡᠷ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠠᠯᠪᠠᠲᠠᠨ ᠤ ᠰᠢᠯᠭᠠᠯᠲᠠ ᠶᠢ ᠦᠷᠭᠦᠯᠵᠢᠯᠡᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠭᠡᠷᠡᠭᠳᠡᠢ︔ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ᠂ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ᠂ ᠬᠡᠷᠡᠭᠯᠡᠭᠡ ᠪᠠᠷ ᠲᠠᠷᠢᠶᠠᠴᠢᠳ ᠢ ᠬᠠᠪᠰᠤᠷᠤᠨ ᠲᠡᠳᠬᠦᠵᠦ ᠣᠷᠣᠯᠭ᠎ᠠ ᠶᠢ ᠨᠢ ᠨᠡᠮᠡᠭᠳᠡᠭᠦᠯᠬᠦ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠬᠦ ︽ᠲᠦᠷᠪᠡᠨ ᠵᠦᠢᠯ ᠤᠨ ᠠᠵᠢᠯᠯᠠᠭ᠎ᠠ︾  ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠪᠡᠯᠡ ᠮᠥᠩᠭᠦ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠪᠡᠯᠡ ᠮᠥᠩᠭᠦ ᠰᠢᠯᠵᠢᠭᠦᠯᠦᠨ ᠥᠭᠬᠦ ᠪᠠ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠬᠦ ᠭᠡᠷᠡᠭᠳᠡᠢ︔ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠬᠤ ᠭᠡᠷᠡᠭᠳᠡᠢ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠶᠠᠰᠤ ᠴᠢᠨᠠᠷ ᠦᠷ᠎ᠡ ᠠᠰᠢᠭ ᠢ ᠨᠡᠮᠡᠭᠳᠡᠬᠦᠯᠬᠦ ᠭᠡᠷᠡᠭᠳᠡᠢ᠃ ᠲᠣᠬᠢᠷᠠᠭᠤᠯᠭ᠎ᠠ ᠶᠢ ᠵᠣᠯᠭᠠᠭᠤᠯᠬᠤ ᠶᠢ ᠰᠠᠶᠢᠲᠤᠷ ᠠᠳᠬᠤᠵᠤ᠂ ᠴᠡᠭ ᠲᠣᠭᠲᠠᠭᠠᠨ ᠬᠠᠪᠰᠤᠷᠤᠨ ᠲᠡᠳᠬᠦᠵᠦ ᠲᠠᠬᠢᠨ ᠰᠢᠯᠢᠳᠡᠭ ᠠᠮᠵᠢᠯᠲᠠ ᠭᠠᠷᠭᠠᠬᠤ ᠶᠢ ᠠᠬᠢᠭᠤᠯᠬᠤ ᠬᠡᠷᠡᠭᠲᠡᠢ᠃ ᠳᠡᠭᠡᠳᠦ ᠪᠠᠶᠢᠷᠢ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠬᠠᠪᠰᠤᠷᠤᠨ ᠲᠡᠳᠬᠦᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠪᠥᠭᠡᠳ ᠨᠠᠷᠢᠯᠢᠭ ᠠᠵᠢᠯ ᠢ ᠠᠳᠬᠤᠬᠤ ᠬᠡᠷᠡᠭᠲᠡᠢ︔ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠳᠠᠯᠳᠠ ᠴᠢᠳᠠᠪᠤᠷᠢ ᠶᠢ ᠠᠭᠤᠳᠠᠯᠯᠠᠬᠤ ᠭᠡᠷᠡᠭᠳᠡᠢ︔ ᠬᠦᠯᠢᠶᠡᠨ ᠠᠪᠬᠤ ᠦᠢᠯᠡᠴᠢᠯᠡᠭᠡ ᠶᠢ ᠰᠠᠶᠢᠲᠤᠷ ᠬᠢᠵᠦ᠂ ᠰᠡᠳᠬᠢᠯ ᠠᠭᠤᠵᠢᠭᠤ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠪᠠ᠃       ᠬᠤᠷᠠᠯ ᠳᠡᠭᠡᠷ᠎ᠡ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠤᠪᠢ ᠡᠵᠡᠮᠳᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠳᠠ ᠬᠤᠳᠠ᠂ ᠬᠢᠩᠭᠠᠨ ᠠᠶᠢᠮᠠᠭ ᠤᠨ ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠪᠡᠭᠡᠵᠢᠩ ᠬᠤᠳᠠ ᠶᠢᠨ ᠡᠯ᠎ᠡ ᠬᠤᠣᠰᠯᠠᠯ ᠪᠠᠶᠢᠭᠤᠯᠤᠭᠰᠠᠨ ᠲᠣᠭᠤᠷᠢᠭ ᠠᠴᠠ ᠡᠯ᠎ᠡ ᠠᠶᠢᠮᠠᠭ ᠬᠤᠳᠠ ᠶᠢᠨ ᠵᠠᠰᠠᠭ ᠤᠨ ᠣᠷᠳᠣᠨ ︵ᠵᠠᠰᠠᠭ ᠵᠠᠬᠢᠷᠭᠠᠨ ᠤ ᠵᠠᠬᠢᠷᠭ᠎ᠠ︶  ᠳᠤ ᠲᠣᠮᠢᠯᠠᠨ ᠣᠴᠢᠭᠤᠯᠵᠤ ᠲᠦᠷ ᠲᠤᠰᠢᠶᠠᠯ ᠡᠭᠦᠷᠭᠡᠯᠡᠭᠦᠯᠦᠭᠰᠡᠨ ᠨᠥᠬᠦᠳ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠠᠴᠠ 31 ᠬᠤᠰᠢᠭᠤ ᠰᠢᠶᠠᠨ ᠬᠤᠳᠠ ᠶᠢᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠳᠤ ᠲᠣᠮᠢᠯᠠᠨ ᠰᠠᠭᠤᠯᠭᠠᠭᠰᠠᠨ ᠨᠥᠬᠦᠳ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠡᠭᠦᠷᠭᠡ ᠪᠣᠯᠣᠨ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠡᠭᠦᠷᠭᠡ ᠶᠢ ᠳᠠᠭᠠᠭᠠᠨ ᠠᠪᠤᠭᠰᠠᠨ 7 ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃ ᠬᠤᠷᠠᠯ ᠤᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ ᠤ ᠬᠡᠰᠡᠭ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号