2024 ᠣᠨ ᠤ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠠᠮᠲᠤᠷᠠᠭᠰᠠᠨ ᠰᠣᠯᠪᠢᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠲᠠᠪᠤᠳᠤᠭᠠᠷ ᠳᠤᠭᠤᠶᠢᠯᠠᠩ ᠮᠠᠨ ᠤ ᠣᠷᠣᠨ ᠳᠤ ᠢᠷᠡᠵᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/7/2
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠢᠭᠠᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠲᠤᠨ ᠭᠤᠣᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠳᠤ ᠬᠠᠲᠤᠨ ᠭᠤᠣᠯ ᠤᠨ ᠵᠢᠭᠠᠰᠤ ᠠᠩᠨᠠᠬᠤ ᠶᠢ ᠵᠣᠭᠰᠤᠭᠠᠬᠤ ᠬᠠᠮᠲᠤᠷᠠᠭᠰᠠᠨ ᠰᠣᠯᠪᠢᠴᠠᠯ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠡᠷᠭᠡᠪᠡᠷ ᠥᠷᠨᠢᠭᠦᠯᠬᠦ ᠲᠤᠬᠠᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 24 ᠤ ᠡᠳᠦᠷ ᠠᠴᠠ 28 ᠤ ᠡᠳᠦᠷ ᠪᠣᠯᠲᠠᠯ᠎ᠠ᠂ ᠰᠧᠴᠤᠸᠠᠨ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠠᠩ ᠺᠦᠨ ᠹᠧᠩ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠠᠮᠲᠤᠷᠠᠭᠰᠠᠨ ᠰᠣᠯᠪᠢᠴᠠᠯ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠲᠠᠪᠤᠳᠤᠭᠠᠷ ᠠᠵᠢᠯᠯᠠᠬᠤ ᠳᠤᠭᠤᠶᠢᠯᠠᠩ ᠤᠨ 5 ᠬᠥᠮᠥᠨ ᠢ ᠳᠠᠭᠠᠭᠤᠯᠤᠨ ᠮᠠᠨ ᠤ ᠣᠷᠣᠨ ᠳᠤ ᠢᠷᠡᠵᠦ᠂ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠠᠮᠲᠤᠷᠠᠭᠰᠠᠨ ᠰᠣᠯᠪᠢᠴᠠᠯ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠪᠡ᠃
62.1.png
      ᠪᠠᠶᠢᠴᠠᠭᠠᠬᠤ ᠳᠤᠭᠤᠶᠢᠯᠠᠩ ᠤᠨ ᠬᠢᠨ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠢ ᠳᠠᠭᠠᠵᠤ ᠳᠣᠣᠷ᠎ᠠ ᠠᠴᠠ ᠳᠡᠭᠡᠭᠰᠢ᠂ ᠠᠭᠠᠭᠢᠮ᠎ᠠ ᠬᠠᠯᠠᠭᠤᠨ ᠢ ᠲᠡᠪᠴᠢᠵᠦ᠂ ᠲᠣᠭᠲᠠᠭᠰᠠᠨ ᠲᠥᠰᠥᠯ ᠶᠣᠰᠣᠭᠠᠷ᠂ ᠡᠯ᠎ᠡ ᠵᠦᠢᠯ ᠤᠨ ᠪᠠᠶᠢᠴᠠᠭᠠᠯᠲᠠ ᠶᠢᠨ ᠡᠭᠦᠷᠭᠡ ᠶᠢ ᠨᠠᠷᠢᠨ ᠬᠢᠨᠠᠮᠠᠭᠠᠢ ᠬᠠᠷᠢᠭᠤᠴᠠᠨ᠂ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠷᠢᠳ ᠬᠤᠵᠢᠳ ᠬᠠᠲᠤᠨ ᠭᠤᠣᠯ ᠤᠨ ᠴᠢᠩ ᠱᠦᠢ ᠾᠧ ᠰᠢᠶᠠᠨ ᠤ ᠬᠡᠰᠡᠭ᠂ ᠵᠡᠭᠦᠨᠭᠠᠷ ᠬᠤᠰᠢᠭᠤᠨ ᠤ ᠬᠡᠰᠡᠭ᠂ ᠬᠠᠩᠭᠢᠨ ᠬᠤᠰᠢᠭᠤᠨ ᠤ ᠬᠡᠰᠡᠭ᠂ ᠵᠢᠦᠶᠤᠸᠠᠨ ᠲᠣᠭᠤᠷᠢᠭ ᠤᠨ ᠬᠡᠰᠡᠭ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠡᠷᠭᠡ ᠭᠤᠣᠯᠳᠠᠯᠭ᠎ᠠ ᠲᠠᠢ ᠤᠰᠤᠨ ᠣᠷᠣᠨ ᠪᠠ ᠲᠠᠯᠠᠪᠤᠷ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠰᠥᠨᠢ ᠪᠠᠷ ᠲᠣᠭᠤᠷᠢᠨ ᠪᠠᠶᠢᠴᠠᠭᠠᠬᠤ᠂ ᠬᠠᠭᠤᠷᠠᠢ ᠳᠡᠭᠡᠷ᠎ᠡ ᠠᠴᠠ ᠬᠠᠷᠠᠬᠤ᠂ ᠤᠰᠤᠨ ᠳᠡᠭᠡᠷ᠎ᠡ ᠲᠣᠭᠤᠷᠢᠨ ᠪᠠᠶᠢᠴᠠᠭᠠᠬᠤ᠂ ᠵᠠᠬ᠎ᠠ ᠳᠡᠯᠭᠡᠭᠦᠷ ᠢᠶᠠᠷ ᠯᠠᠪᠯᠠᠯᠳᠠ ᠪᠤᠯᠭᠠᠬᠤ᠂ ᠤᠯᠠᠨ ᠲᠦᠮᠡᠨ  ᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠠᠰᠤ ᠠᠩᠨᠠᠬᠤ ᠳᠤ ᠬᠤᠯᠪᠣᠭᠳᠠᠭᠰᠠᠨ ︽ᠭᠤᠷᠪᠠᠨ ᠦᠭᠡᠢ︾ ᠣᠩᠭᠤᠴᠠ ᠰᠠᠯ᠂ ︽ᠦᠨᠳᠦᠰᠦ ᠪᠠᠷ ᠨᠢ ᠰᠦᠨᠦᠭᠡᠬᠦ ᠲᠤᠤᠷ︾᠂ ︽ᠴᠠᠬᠢᠯᠭᠠᠨ ᠲᠠᠯᠪᠢᠬᠤ᠂ ᠬᠤᠣᠷᠳᠠᠭᠤᠯᠬᠤ᠂ ᠳᠡᠯᠪᠡᠴᠢᠬᠦ︾ ᠵᠡᠷᠭᠡ ᠵᠢᠭᠠᠰᠤ ᠠᠩᠨᠠᠬᠤ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠠᠳᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ ᠪᠠᠶᠢᠴᠠᠭᠠᠬᠤ ᠵᠢᠴᠢ ᠦᠨᠳᠦᠰᠦᠨ ᠱᠠᠲᠤᠨ ᠤ ᠵᠢᠭᠠᠰᠤᠨ ᠶᠠᠪᠤᠳᠠᠯ ᠤᠨ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃
62.2.png
      ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠲᠤᠨ ᠭᠤᠣᠯ ᠤᠨ ᠵᠢᠭᠠᠰᠤ ᠠᠩᠨᠠᠬᠤ ᠶᠢ ᠵᠣᠭᠰᠤᠭᠠᠬᠤ ᠪᠠ ᠴᠠᠭᠠᠵᠠᠯᠠᠬᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠨᠤᠲᠠᠯᠠᠭᠰᠠᠨ ᠤ ᠬᠠᠮᠲᠤ ᠪᠠᠰᠠ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠤᠯᠢ ᠪᠤᠰᠤ ᠪᠠᠷ ᠠᠩᠨᠠᠵᠤ ᠱᠦᠭᠦᠬᠦ ᠳᠤ ᠴᠢᠩᠭ᠎ᠠ ᠴᠣᠬᠢᠯᠲᠠ ᠥᠭᠴᠦ᠂ ᠬᠠᠲᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠳᠤ ᠭᠠᠷᠭᠠᠭᠰᠠᠨ ᠶᠡᠭᠡ ᠬᠡᠮᠵᠢᠶᠡᠨ ᠤ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠬᠤ ᠳᠤᠭᠤᠶᠢᠯᠠᠩ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠢ ᠥᠷᠨᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠬᠠᠳᠤᠨ ᠭᠤᠣᠯ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠵᠢᠭᠠᠰᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠪᠣᠯᠣᠨ᠎ᠠ︔ ᠬᠠᠤᠯᠢ ᠬᠡᠷᠡᠭᠵᠢᠭᠦᠯᠬᠦ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠳᠤ ᠲᠦᠰᠢᠭᠯᠡᠨ᠂ ᠡᠷᠭᠢ ᠳᠠᠭᠠᠤ ᠶᠢᠨ ᠠᠷᠠᠳ ᠤᠯᠠᠨ ᠤ ᠣᠷᠣᠯᠴᠠᠬᠤ ᠶᠢ ᠲᠠᠶᠢᠴᠢᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠪᠣᠯᠣᠨ ᠮᠡᠷᠭᠡᠵᠢᠯ ᠤᠨ ᠰᠡᠷᠭᠡᠶᠢᠯᠡᠯᠲᠡ ᠶᠢ ᠤᠶᠠᠯᠳᠤᠭᠤᠯᠬᠤ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠬᠠᠤᠯᠢ ᠬᠡᠷᠡᠭᠵᠢᠭᠦᠯᠬᠦ ᠬᠦᠴᠦᠨ ᠢ ᠴᠢᠩᠭᠠᠷᠠᠭᠤᠯᠬᠤ ᠬᠡᠷᠡᠭᠲᠡᠢ︔ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠡᠷᠭᠢ ᠳᠠᠭᠠᠤ ᠶᠢᠨ ᠠᠷᠠᠳ ᠤᠯᠠᠨ ᠤ ᠠᠵᠢᠯ ᠣᠯᠬᠤ᠂ ᠪᠠᠶᠠᠵᠢᠨ ᠴᠢᠨᠡᠭᠡᠯᠢᠭᠵᠢᠬᠦ ᠶᠢ ᠴᠢᠬᠤᠯᠠ ᠭᠠᠷᠳᠠᠴᠠ ᠪᠣᠯᠭᠠᠵᠤ᠂ ᠡᠷᠭᠢ ᠳᠠᠭᠠᠤ ᠶᠢᠨ ᠠᠷᠠᠳ ᠤᠯᠠᠨ ᠤ ᠲᠣᠭᠲᠠᠭᠤᠨ ᠢᠶᠠᠷ ᠠᠵᠢᠯ ᠣᠯᠵᠤ ᠪᠠᠶᠠᠵᠢᠨ ᠴᠢᠨᠡᠭᠡᠯᠢᠭᠵᠢᠬᠦ ᠪᠠᠷ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠠᠬᠢᠭᠤᠯᠬᠤ ᠬᠡᠷᠡᠭᠲᠡᠢ︔ ᠵᠢᠭᠠᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠣᠳᠣᠬᠠᠨ ᠳᠤ ᠬᠠᠤᠯᠢ ᠬᠡᠷᠡᠭᠵᠢᠭᠦᠯᠬᠦ ᠬᠦᠴᠦᠨ ᠢ ᠬᠤᠰᠢᠭᠤ ︵ᠲᠣᠭᠤᠷᠢᠭ ᠰᠢᠶᠠᠨ︶ ᠳᠤ ᠪᠠᠭᠤᠯᠭᠠᠵᠤ᠂ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
62.3.png
      ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠠᠴᠠ ᠪᠠᠶᠢᠴᠠᠭᠠᠬᠤ ᠳᠤᠭᠤᠶᠢᠯᠠᠩ ᠤᠨ ᠰᠠᠨᠠᠯ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠨ᠎ᠠ᠃ ᠨᠢᠭᠡ ᠳᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠬᠡᠯᠪᠡᠷᠢ᠂ ᠤᠯᠠᠨ ᠠᠷᠭ᠎ᠠ ᠵᠠᠮ ᠢᠶᠠᠷ ᠬᠠᠳᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠤᠨ ᠤᠬᠠᠭᠤᠯᠭ᠎ᠠ ᠶᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠶᠢ ᠬᠠᠮᠲᠤᠪᠠᠷ ᠠᠩᠬᠠᠷᠴᠤ᠂ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠣᠭᠤᠳᠤᠨ᠎ᠠ᠃ ᠬᠤᠶᠠᠷ ᠲᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠲᠣᠭᠲᠠᠭᠠᠯ ᠠᠴᠠ ᠵᠥᠷᠢᠴᠡᠨ ᠵᠢᠭᠠᠰᠤ ᠠᠩᠨᠠᠬᠤ ᠪᠠᠭᠠᠵᠢ ᠬᠡᠷᠡᠭᠯᠡᠭᠦᠷ ᠢ ᠲᠥᠪᠯᠡᠷᠡᠭᠦᠯᠦᠨ ᠤᠰᠠᠳᠬᠠᠬᠤ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠦᠴᠦᠷᠬᠡᠭ ᠶᠡᠭᠡ ᠳᠣᠩᠰᠣᠯᠤᠯ ᠢ ᠪᠤᠢ ᠪᠣᠯᠭᠠᠵᠤ᠂ ᠨᠡᠶᠢᠭᠡᠮ ᠨᠡᠶᠢᠲᠡ ᠪᠠᠷ ᠢᠶᠠᠨ ᠬᠠᠤᠯᠢ ᠬᠡᠷᠡᠭᠵᠢᠭᠦᠯᠬᠦ ᠶᠢ ᠵᠥᠪᠰᠢᠶᠡᠷᠡᠬᠦ᠂ ᠤᠯᠠᠨ ᠲᠦᠮᠡᠨ ᠬᠠᠤᠯᠢ ᠬᠡᠷᠡᠭᠵᠢᠭᠦᠯᠬᠦ ᠶᠢ ᠪᠢᠰᠢᠷᠡᠨ ᠵᠢᠷᠦᠬᠡᠰᠢᠶᠡᠬᠦ ᠵᠡᠷᠭᠡ ᠵᠢᠭᠠᠰᠤ ᠠᠩᠨᠠᠬᠤ ᠶᠢ ᠴᠠᠭᠠᠵᠠᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠭᠤᠷᠪᠠ ᠳᠤ ᠲᠠᠷᠢᠶᠠᠯᠠᠩ ᠮᠠᠯ ᠠᠵᠤ ᠠᠬᠤᠢ ᠬᠢᠭᠡᠳ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠤᠰᠤ ᠬᠠᠭᠤᠷᠠᠢ ᠶᠢ ᠨᠢᠭᠡᠳᠦᠯᠲᠡᠢ ᠲᠥᠯᠥᠪᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠣᠷᠣᠨ ᠪᠦᠰᠡ ᠬᠠᠮᠲᠤᠷᠠᠨ ᠬᠥᠳᠡᠯᠦᠯᠴᠡᠬᠦ ᠪᠠᠷ ᠠᠷᠭ᠎ᠠ ᠪᠠᠷᠢᠯ ᠪᠣᠯᠭᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠥᠬᠦ ᠬᠡᠯᠬᠢᠶᠡᠰᠦ ᠪᠠᠷ ᠬᠠᠤᠯᠢ ᠪᠤᠰᠤ ᠪᠠᠷ ᠠᠩᠨᠠᠵᠤ ᠱᠦᠭᠦᠬᠦ ᠪᠠ ᠬᠠᠤᠯᠢ ᠪᠤᠰᠤ ᠪᠠᠷ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠴᠦ᠂ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号