ᠮᠠᠨ ᠤ ᠣᠷᠣᠨ ᠲᠥᠪ ᠤᠨ ᠲᠤᠰᠬᠠᠢ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠣᠨ ᠤ ᠳᠡᠮᠵᠢᠯᠭᠡ ᠶᠢᠨ ᠲᠥᠷᠥᠯ ᠵᠦᠢᠯ ᠳᠤ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠵᠠᠢ
ᠨᠡᠶᠢᠲᠡᠯᠡᠭᠰᠡᠨ ᠴᠠᠭ᠄
2024/7/2
      ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ 2024 ᠣᠨ ᠤ ᠲᠥᠪ ᠤᠨ ᠲᠤᠰᠬᠠᠢ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥᠯ ᠵᠦᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠬᠠᠷᠢᠭᠤ ᠲᠤᠰᠬᠠᠪᠠ᠂ ᠮᠠᠨ ᠤ ᠣᠷᠣᠨ ᠤ ᠤᠷᠠᠳ ᠤᠨ ᠡᠮᠦᠨᠡᠲᠦ ᠬᠤᠰᠢᠭᠤ᠂ ᠬᠠᠷᠠᠴᠢᠨ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 2 ᠲᠥᠷᠥᠯ ᠵᠦᠢᠯ 2024 ᠣᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠳᠡᠮᠵᠢᠬᠦ ᠲᠥᠷᠥᠯ ᠵᠦᠢᠯ ᠳᠤ ᠰᠣᠩᠭᠤᠭᠳᠠᠨ ᠣᠷᠣᠵᠤ᠂ ᠨᠡᠶᠢᠲᠡ 1 ᠳ᠋ᠦᠩᠰᠢᠭᠤᠷ ᠲᠥᠭᠦᠷᠢᠭ ᠤᠨ ᠲᠡᠮᠵᠢᠯᠭᠡ ᠤᠯᠪᠠ᠃ ᠡᠨᠡ ᠪᠣᠯ 2021 ᠣᠨ ᠳᠤ ᠲᠥᠪ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠠᠩᠬ᠎ᠠ ᠤᠳᠠᠭ᠎ᠠ 2 ᠣᠨ ᠤ ᠬᠡᠷᠡᠭᠵᠢᠭᠦᠯᠬᠦ ᠲᠥᠷᠥᠯ ᠵᠦᠢᠯ ᠢ ᠲᠡᠮᠡᠴᠡᠨ ᠣᠯᠵᠤ᠂ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠤᠭᠰᠠᠨ ᠶᠠᠪᠤᠳᠠᠯ ᠪᠣᠯᠣᠨ᠎ᠠ᠃ 
63.1.png
       2021 ︱ 2023 ᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠪ ᠤᠨ ᠲᠤᠰᠬᠠᠢ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 1.5 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠤᠷᠢᠳ ᠬᠤᠵᠢᠳ ᠨᠢᠩᠴᠧᠩ ᠰᠢᠶᠠᠨ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠳᠡᠮᠵᠢᠬᠦ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠵᠤ᠂ ᠲᠤᠬᠠᠢ ᠶᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠪᠥᠭᠡᠳ ᠪᠦᠲᠦᠮᠵᠢᠲᠡᠢ ᠰᠠᠶᠢᠵᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠬᠢᠴᠠ ᠶᠢ ᠲᠦᠷᠭᠡᠳᠬᠡᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠠ ᠬᠠᠭᠤᠴᠢᠨ ᠰᠠᠭᠤᠷᠢᠨ ᠭᠠᠵᠠᠷ ᠤᠨ ᠠᠷᠠᠳ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠤᠯᠤᠰ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠪᠠ᠃ 
63.2.png
            ᠡᠨᠡ ᠵᠢᠯ᠂ ᠮᠠᠨ ᠤ ᠣᠷᠣᠨ ᠤᠷᠠᠳ ᠤᠨ ᠡᠮᠦᠨᠡᠲᠦ ᠬᠤᠰᠢᠭᠤᠨ ᠤ ︽ᠠᠴᠢ ᠶᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠠᠮᠢ ᠠᠬᠤᠢ ᠶᠢ ᠰᠢᠯᠢᠳᠡᠭᠵᠢᠭᠦᠯᠵᠦ ᠤᠳᠤᠮ ᠵᠠᠯᠭᠠᠨ ᠠᠵᠤ ᠦᠢᠯᠡᠰ ᠢ ᠬᠦᠴᠦᠷᠬᠡᠭᠵᠢᠭᠦᠯᠬᠦ︾ ᠪᠠ ᠬᠠᠷᠠᠴᠢᠨ ᠬᠤᠰᠢᠭᠤᠨ ᠤ ︽ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠤᠷᠠᠳ ᠤᠨ ᠡᠮᠦᠨᠡᠲᠦ ᠬᠤᠰᠢᠭᠤᠨ ᠤ ᠲᠦᠷᠦᠯ ᠵᠦᠢᠯ ᠨᠢ ︽1+2+N︾ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠱᠤᠭᠤᠮ ᠢ ᠴᠣᠭᠴᠠᠯᠠᠵᠤ᠂ 2 ᠣᠨᠴᠠᠯᠢᠭᠲᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠠᠭᠤᠴᠢᠨ ᠰᠠᠭᠤᠷᠢᠨ ᠭᠠᠵᠠᠷ ᠣᠷᠣᠨ ᠤ ᠲᠣᠰᠬᠤᠨ ᠳᠤᠭᠤᠶᠢᠯᠠᠩ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠤ ᠳᠡᠭᠡᠭᠰᠢᠯᠡᠯᠲᠡ ᠶᠢ ᠳᠠᠶᠢᠴᠢᠯᠠᠨ᠎ᠠ᠃ ᠬᠠᠷᠠᠴᠢᠨ ᠬᠤᠰᠢᠭᠤᠨ ᠤ ᠲᠥᠷᠥᠯ ᠵᠦᠢᠯ ᠨᠢ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠦᠢᠯᠡᠳᠪᠦᠷᠢᠯᠡᠯ ᠡᠳ᠋ᠰᠢᠭᠦᠯᠭᠡ ᠪᠣᠷᠤᠯᠠᠭᠤᠯᠭ᠎ᠠ ᠶᠢ ᠨᠡᠪᠲᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠣᠷᠣᠨ ᠤ ᠲᠥᠬᠦᠭᠡᠷᠦᠮᠵᠢ ᠶᠢᠨ ᠲᠠᠷᠢᠶᠠᠯᠠᠩ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠤᠪᠢᠰᠬᠠᠯᠲᠤ ᠭᠧᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠬᠤᠯᠪᠣᠭᠳᠠᠯ ᠪᠦᠬᠦᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠲᠥᠪ ᠤᠨ ᠲᠤᠰᠬᠠᠢ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠡᠬᠢ ᠪᠠᠶᠠᠯᠢᠭ ᠪᠠ ᠬᠤᠪᠢᠰᠬᠠᠯ ᠤᠨ ᠰᠣᠶᠣᠯ ᠵᠡᠷᠭᠡ ᠳᠠᠪᠠᠭᠤᠯᠢᠭ ᠢ ᠭᠦᠨᠵᠡᠭᠡᠢ ᠠᠭᠤᠳᠠᠯᠵᠤ᠂ ᠲᠥᠪ ᠤᠨ ᠲᠤᠰᠬᠠᠢ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠦᠢᠯᠡᠳᠦᠯ ᠢ ᠨᠠᠩ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠭᠵᠢᠯᠲᠡ ᠶᠢ ᠨᠠᠩ ᠰᠠᠶᠢᠲᠤᠷᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号