ᠭᠦᠭᠡᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠲᠠᠯᠠᠪᠠᠶ 526 ᠲᠦᠮᠡᠨ ᠮᠦ ᠶᠢ ᠳᠠᠪᠠᠪᠠ
ᠨᠡᠶᠢᠲᠡᠯᠡᠭᠰᠡᠨ ᠴᠠᠭ᠄
2024/7/2
      ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ  ᠠᠴᠠ ᠣᠶᠢᠯᠠᠭᠠᠭᠰᠠᠨ ᠢᠶᠠᠷ᠂ ᠭᠦᠭᠡᠬᠤᠳᠠ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠡᠨᠡ ᠵᠢᠯ ᠪᠦᠭᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠲᠠᠯᠠᠪᠠᠶ 526.39 ᠲᠦᠮᠡᠨ ᠮᠦ ᠳᠤ ᠬᠦᠷᠴᠦ᠂ ᠨᠢᠳᠤᠨᠤᠨ ᠤ ᠠᠴᠠ 1.75% ᠪᠠᠷ ᠨᠡᠮᠡᠭᠳᠡᠪᠡ᠃      ᠭᠦᠭᠡᠬᠤᠳᠠ ᠶᠢᠨ ᠬᠢᠨ ᠡᠨᠡ ᠵᠢᠯ ᠤᠨ ᠡᠬᠢᠨ ᠢᠶᠠᠷ ᠠᠮᠤ ᠪᠤᠳᠠᠭᠠᠨ ᠤ ᠲᠠᠷᠢᠮᠠᠯ ᠳᠠᠷᠢᠬᠤ ᠬᠠᠷᠠᠯᠲᠠ ᠡᠭᠦᠷᠭᠡ  ᠶᠢ ᠡᠯ᠎ᠡ ᠬᠤᠰᠢᠭᠤ ᠰᠢᠶᠠᠨ ᠲᠣᠭᠤᠷᠢᠭ ᠲᠤ ᠪᠠᠭᠤᠯᠭᠠᠨ ᠥᠭᠬᠦ ᠶᠢᠨ ᠬᠠᠮᠲᠤ ᠱᠠᠲᠤ ᠳᠠᠷᠠᠭᠠᠯᠠᠨ ᠰᠠᠯᠭᠠᠨ ᠪᠠᠭᠤᠯᠭᠠᠵᠤ᠂ ᠲᠣᠰᠬᠤᠨ᠂ ᠡᠷᠦᠭᠡ᠂ ᠲᠠᠷᠢᠶᠠᠨ ᠭᠠᠵᠠᠷ ᠭᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠪᠦᠭᠦ ᠬᠤᠲᠠ ᠪᠠᠷ ᠢᠶᠠᠨ 381.59 ᠲᠦᠮᠡᠨ ᠮᠦ ᠡᠷᠳᠡᠨᠢ ᠰᠢᠰᠢ᠂ 54.53 ᠲᠦᠮᠡᠨ ᠮᠦ ᠲᠥᠮᠥᠰᠥ᠂ 17.02 ᠲᠦᠮᠡᠨ ᠮᠦ ᠪᠤᠭᠤᠳᠠᠢ᠂ 55.42 ᠲᠦᠮᠡᠨ ᠮᠦ ᠪᠤᠰᠤᠳ ᠵᠦᠢᠯ ᠤᠨ ᠠᠮᠤ ᠪᠤᠳᠠᠭᠠᠨ ᠤ ᠲᠠᠷᠢᠮᠠᠯ᠂ 17.83 ᠲᠦᠮᠡᠨ ᠮᠦ ᠡᠯᠳᠡᠪ ᠪᠤᠷᠴᠠᠭ ᠲᠠᠷᠢᠵᠤ᠂ ᠣᠳᠣᠬᠠᠨ ᠳᠤ 283.27 ᠲᠦᠮᠡᠨ ᠮᠦ ᠡᠷᠳᠡᠨᠢ ᠰᠢᠰᠢ᠂ ᠪᠤᠭᠤᠳᠠᠢ᠂ ᠲᠥᠮᠥᠰᠥ ᠵᠡᠷᠭᠡ ᠭᠤᠣᠯ ᠪᠤᠯᠬᠤ ᠲᠠᠷᠢᠮᠠᠯ ᠨᠢ ᠨᠢᠭᠡᠨᠲᠡ ᠴᠢᠬᠢ ᠪᠠᠷᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 18.1% ᠪᠠᠷ ᠨᠡᠮᠡᠭᠳᠡᠪᠡ᠃ ᠡᠭᠦᠨ ᠳᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠲᠥᠷᠥᠯ ᠤᠨ ᠴᠢᠬᠢ ᠲᠣᠰ ᠲᠣᠰ 118.84 ᠲᠦᠮᠡᠨ ᠮᠦ᠂ 133.63 ᠲᠦᠮᠡᠨ ᠮᠦ ᠪᠠ 30.8 ᠲᠦᠮᠡᠨ ᠮᠦ ᠶᠢ ᠡᠵᠡᠯᠡᠵᠦ᠂ ᠤᠷᠭᠤᠴᠠ ᠨᠢ ᠮᠠᠰᠢ ᠰᠠᠶᠢᠨ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠭᠦᠭᠡᠬᠤᠲᠠ ᠲᠠᠷᠢᠶᠠᠯᠠᠩ ᠤᠨ ᠲᠥᠷᠥᠯ ᠵᠦᠢᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠬᠤ ᠡᠷᠦᠭᠡ ᠶᠢᠨ ᠦᠢᠯᠡᠳᠪᠦᠷᠢᠯᠡᠯ ᠤᠨ ᠢᠳᠡᠪᠬᠢᠵᠢᠯ ᠢ ᠳᠡᠭᠡᠭᠰᠢᠯᠡᠭᠦᠯᠦᠨ᠂ ᠳᠡᠭᠡᠳᠦ ᠱᠠᠲᠤᠨ  ᠤ ᠰᠠᠯᠠᠭ᠎ᠠ ᠮᠥᠴᠢᠷ ᠠᠴᠠ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠵᠢᠴᠢ ᠠᠮᠤ ᠪᠤᠳᠠᠭᠠᠨ ᠤ ᠦᠢᠯᠡᠳᠪᠦᠷᠢᠯᠡᠯ ᠤᠨ ᠲᠥᠷᠥᠯ ᠵᠦᠢᠯ ᠢ ᠲᠣᠭᠲᠠᠪᠤᠷᠢᠵᠢᠭᠤᠯᠬᠤ ᠪᠡᠯᠡ ᠮᠥᠩᠭᠦ ᠶᠢ ᠭᠤᠶᠤᠴᠢᠯᠠᠨ ᠣᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠠᠮᠤ ᠪᠤᠳᠠᠭ᠎ᠠ ᠶᠢ ᠨᠡᠮᠡᠭᠳᠡᠭᠦᠯᠬᠦ᠂ ᠠᠮᠤ ᠪᠤᠳᠠᠭᠠᠨ ᠤ ᠲᠠᠷᠢᠮᠠᠯ ᠪᠠ ᠲᠣᠰᠣᠯᠢᠭ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠲᠠᠷᠢᠶᠠᠨ ᠭᠠᠵᠠᠷ ᠲᠤ ᠰᠡᠯᠭᠦᠨ ᠳᠠᠷᠢᠬᠤ ᠵᠡᠷᠭᠡ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠲᠠᠷᠢᠶᠠᠯᠠᠩ ᠦᠢᠯᠡᠳᠪᠦᠷᠢᠯᠡᠯ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠪᠠ᠃ ᠤᠳᠤ ᠪᠣᠯ ᠶᠠᠭ ᠡᠯ᠎ᠡ ᠵᠦᠢᠯ ᠤᠨ ᠲᠠᠷᠢᠮᠠᠯ ᠤᠨ ᠴᠢᠬᠢ ᠪᠠᠷᠢᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠭᠦᠭᠡᠬᠤᠲᠠ ᠶᠢᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠨ ᠬᠢᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠳᠤ ᠪᠠᠭᠤᠯᠭᠠᠨ᠂ ᠨᠢᠭᠡ ᠪᠦᠯᠦᠭ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠵᠦ᠂ ᠨᠢᠭᠡ ᠪᠦᠯᠦᠭ ᠬᠡᠷᠡᠭᠯᠡᠭᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠢᠴᠢᠯ ᠸᠢᠳᠢᠤ᠋ ᠵᠣᠬᠢᠶᠠᠵᠤ᠂ ᠲᠠᠷᠢᠶᠠᠴᠢᠳ ᠢ ᠬᠠᠪᠰᠤᠷᠤᠨ ᠦᠢᠯᠡᠳᠪᠦᠷᠢᠯᠡᠯ ᠤᠨ ᠲᠸᠭᠨᠢᠭ ᠮᠡᠷᠭᠡᠵᠢᠯ ᠤᠨ ᠠᠰᠠᠭᠤᠳᠠᠯ ᠢ ᠨᠢ ᠰᠢᠢᠳᠪᠦᠷᠢᠯᠡᠵᠦ᠂ ᠲᠠᠷᠢᠮᠠᠯ ᠤᠨ ᠪᠦᠷᠢᠨ ᠴᠢᠬᠢ ᠪᠠᠷᠢᠬᠤ ᠳᠤ ᠴᠢᠩᠭ᠎ᠠ ᠬᠦᠴᠦᠲᠡᠢ ᠲᠸᠭᠨᠢᠭ ᠮᠡᠷᠭᠡᠵᠢᠯ ᠤᠨ ᠪᠠᠲᠤᠯᠠᠭ᠎ᠠ ᠬᠠᠩᠭᠠᠵᠤ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号