ᠭᠦᠭᠡᠬᠤᠲᠠ ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/7/2
      ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠳᠦᠷᠢᠮᠵᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠪᠣᠯᠣᠨ ᠭᠦᠭᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠣᠶᠢᠷ᠎ᠠ ᠳᠤ ᠪᠦᠭᠦ ᠬᠤᠲᠠ ᠶᠢᠨ ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠲᠣᠰ ᠤᠳᠠᠭ᠎ᠠ ᠶᠢᠨ ᠪᠠᠶᠢᠴᠠᠭᠠᠯᠲᠠ ᠨᠢ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ ᠪᠣᠯᠣᠨ ᠰᠠᠶᠢᠬᠠᠨ ᠲᠣᠭᠤᠷᠢᠭ ᠲᠤ ᠶᠠᠪᠤᠭᠳᠠᠵᠤ᠂ ᠡᠯ᠎ᠡ ᠭᠠᠵᠠᠷ ᠣᠷᠣᠨ ᠠᠴᠠ ᠬᠢᠮᠢ ᠶᠢᠨ ᠪᠣᠷᠳᠣᠭᠤᠷ ᠤᠨ ᠥᠯᠢᠭᠡᠷ ᠡᠳ᠋ ᠢ 10 ᠪᠦᠯᠦᠭ ᠤᠳᠠᠭ᠎ᠠ᠂ ᠲᠠᠷᠢᠶᠠᠨ ᠡᠮ ᠤᠨ ᠥᠯᠢᠭᠡᠷ ᠡᠳ᠋ ᠢ 6 ᠪᠦᠯᠦᠭ ᠤᠳᠠᠭ᠎ᠠ ᠰᠣᠩᠭᠤᠨ ᠠᠪᠴᠤ ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠳ ᠲᠠᠷᠢᠶᠠᠨ ᠡᠮ᠂ ᠬᠢᠮᠢ ᠶᠢᠨ ᠪᠣᠷᠳᠣᠭᠤᠷ ᠤᠨ ᠡᠵᠡᠩᠨᠡᠯᠲᠡ ᠶᠢᠨ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠭᠡᠮ ᠨᠢ ᠬᠠᠤᠯᠢ ᠳᠤ ᠨᠡᠶᠢᠴᠡᠬᠦ ᠡᠰᠡᠬᠦ᠂ ᠪᠠᠷᠠᠭ᠎ᠠ ᠣᠷᠣᠭᠤᠯᠬᠤ ᠵᠢᠴᠢ ᠪᠣᠷᠣᠯᠠᠭᠤᠯᠤᠯᠲᠠ ᠶᠢᠨ ᠡᠬᠡ ᠲᠠᠩᠰᠠ ᠨᠢ ᠪᠦᠷᠢᠨ ᠲᠡᠭᠦᠯᠳᠡᠷ ᠡᠰᠡᠬᠦ᠂ ᠪᠣᠭᠤᠳᠠᠯ ᠤᠨ ᠱᠣᠰᠢᠭ᠎ᠠ ᠲᠡᠮᠳᠡᠭ ᠨᠢ ᠳᠦᠷᠢᠮᠵᠢᠭᠦᠨ ᠡᠰᠡᠬᠦ᠂ ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠬᠤᠳᠠᠯᠳᠤᠬᠤ ᠵᠡᠷᠭᠡ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠠᠢ᠃ ᠬᠠᠤᠯᠢ ᠬᠡᠷᠡᠭᠵᠢᠭᠦᠯᠬᠦ ᠠᠵᠢᠯᠲᠠᠳ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠲᠤᠬᠠᠢ  ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠭᠰᠠᠨ ᠪᠥᠭᠡᠳ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠲᠣᠰ ᠤᠳᠠᠭ᠎ᠠ ᠶᠢᠨ ᠪᠠᠶᠢᠴᠠᠭᠠᠯᠲᠠ ᠪᠠᠷ ᠲᠠᠮᠵᠢᠨ ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠵᠡᠩᠨᠡᠭᠴᠢ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠨ ᠪᠣᠳᠠᠲᠠᠶᠢᠵᠢᠭᠤᠯᠵᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠵᠤ᠂ ᠪᠦᠭᠦ ᠬᠤᠳᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号