2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠪᠣᠯᠣᠨ᠎ᠠ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ︽︿ᠮᠢᠩᠭᠠᠨ ᠲᠣᠰᠬᠤᠨ ᠢᠶᠠᠷ ᠵᠢᠱᠢᠶ᠎ᠡ | ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ | ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠰᠠᠨᠠᠯ ᠢ ᠳᠤᠷᠠᠳᠤᠶ᠎ᠠ᠃ | ᠨᠢᠭᠡ᠂ ᠶᠡᠷᠦᠩᠬᠡᠢ ᠱᠠᠭᠠᠷᠳᠠᠯᠭ᠎ᠠ | 2024 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ | ᠤᠳᠤᠷᠢᠳᠤᠮᠵᠢ ᠪᠤᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠡᠪᠴᠢᠶᠡᠵᠢᠯ ᠤᠨ | ᠴᠢᠨᠠᠷᠲᠠᠢ ᠳᠠᠭᠢᠨ ᠶᠠᠳᠠᠭᠤᠷᠠᠯ ᠦᠯᠦ ᠡᠭᠦᠰᠬᠦ ᠶᠢ ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ | ᠬᠤᠣᠰ ᠬᠥᠳᠡᠯᠭᠡᠭᠦᠷ ᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠥᠪᠥᠷ ᠮᠣᠩᠭᠤᠯ ᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ | ᠲᠣᠮᠣ ᠣᠷᠣᠨ ᠪᠠᠶᠢᠭᠰᠠᠨ ᠠᠴᠠ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ | ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ | ᠦᠷᠭᠦᠯᠵᠢᠯᠡᠨ ᠡᠯᠪᠡᠭ ᠬᠤᠷᠢᠶᠠᠯᠲᠠ ᠣᠯᠵᠤ ᠲᠣᠭᠲᠠᠭᠤᠨ ᠪᠠᠶᠢᠬᠤ᠂ ᠮᠠᠯᠵᠢᠬᠤ ᠲᠠᠷᠢᠶᠠᠯᠠᠬᠤ ᠣᠷᠣᠨ ᠤ ᠡᠶ᠎ᠡ | ᠵᠣᠬᠢᠴᠠᠩᠭᠤᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠮᠠᠯᠴᠢᠨ ᠲᠠᠷᠢᠶᠠᠴᠢᠨ ᠲᠦᠮᠡᠨ ᠤ ᠵᠢᠷᠭᠠᠯᠲᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ | ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠬᠤᠶᠠᠷ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠤᠰᠢᠭᠤᠴᠢ ᠴᠡᠷᠢᠭ ᠪᠣᠯᠣᠨ᠎ᠠ | ︵ᠨᠢᠭᠡ︶ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃ ᠲᠠᠯᠠᠪᠠᠢ ᠶᠢ | ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠰᠢᠨ᠎ᠡ ᠨᠢᠭᠡ ᠡᠭᠡᠯᠵᠢ ᠶᠢᠨ | ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠲᠣᠰ | ᠲᠣᠰ 1 ᠳ᠋ᠦᠩᠰᠢᠭᠤᠷ ᠮᠦ᠂ 1800 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ ᠠᠮᠤ ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ | ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠰᠠᠶᠢᠨ ᠲᠠᠷᠢᠶ᠎ᠠ ᠰᠠᠶᠢᠨ ᠦᠷ᠎ᠡ ᠰᠠᠶᠢᠨ ᠮᠠᠰᠢᠨ ᠰᠠᠶᠢᠨ ᠠᠷᠭ᠎ᠠ | ᠰᠠᠶᠢᠨ ᠳᠦᠷᠢᠮ ᠢ ᠲᠥᠪᠯᠡᠷᠡᠭᠦᠯᠦᠨ ᠳᠡᠯᠭᠡᠷᠡᠭᠦᠯᠵᠦ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ | ᠦᠵᠡᠭᠦᠯᠭᠦ ᠬᠦᠷᠢᠶᠡᠯᠡᠩ ᠲᠣᠭᠤᠷᠢᠭ ᠢ 600 ᠲᠦᠮᠡᠨ ᠮᠦ ᠪᠦᠬᠦᠯᠢ ᠪᠠᠶᠢᠭᠤᠯᠤᠮᠵᠢ ᠪᠠᠷ ᠪᠦᠲᠦᠭᠡᠨ ᠪᠠᠶᠢᠭᠤᠯᠤᠨ᠎ᠠ᠃ | ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠦᠷᠢ ᠥᠭᠬᠦ᠂ ᠲᠠᠷᠢᠶᠠᠨ ᠭᠠᠵᠠᠷ ᠤᠨ ᠬᠦᠴᠦ | ᠰᠢᠮ᠎ᠡ ᠶᠢ ᠬᠠᠮᠠᠭᠠᠯᠠᠬᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠷᠭᠠᠴᠠᠭᠠᠬᠤ ᠲᠣᠭᠲᠠᠴᠠ ᠶᠢ | ᠪᠠᠶᠢᠭᠤᠯᠵᠤ᠂ ᠬᠢᠮᠢ ᠶᠢᠨ ᠪᠣᠷᠳᠣᠭᠤᠷ᠂ ᠡᠪᠡᠰᠦ ᠪᠣᠷᠳᠤᠭ᠎ᠠ ᠵᠡᠷᠭᠡ ᠲᠠᠷᠢᠶᠠᠯᠠᠩ ᠤᠨ ᠬᠡᠷᠡᠭᠰᠡᠯ ᠢ ᠨᠥᠭᠡᠴᠡᠯᠡᠬᠦ | ᠳᠦᠷᠢᠮ ᠢ ᠲᠡᠭᠦᠯᠳᠡᠷᠵᠢᠭᠦᠯᠦᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠤ ᠭᠤᠷᠪᠠᠨ ᠶᠡᠭᠡ ᠠᠮᠤ | ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠢ ᠪᠦᠭᠦᠨ ᠢ ᠪᠦᠷᠬᠦᠭᠦᠯᠬᠦ ᠶᠢ ᠠᠬᠢᠭᠤᠯᠵᠤ᠂ | ᠡᠷᠳᠡᠨᠢ ᠰᠢᠰᠢ ᠶᠢᠨ ᠲᠠᠷᠢᠮᠠᠯ ᠤᠨ ᠣᠷᠣᠯᠭ᠎ᠠ ᠶᠢᠨ ᠳᠠᠭᠠᠳᠬᠠᠯ᠂ ᠰᠢᠷ᠎ᠠ ᠪᠤᠷᠴᠠᠭ ᠤᠨ ᠪᠦᠷᠢᠨ ᠥᠪᠡᠷ ᠤᠨ | ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠦᠷᠢᠶ᠎ᠡ | ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠥᠬᠦᠪᠦᠷᠢ ᠥᠭᠬᠦ ᠬᠦᠷᠢᠶ᠎ᠡ ᠬᠡᠪᠴᠢᠶ᠎ᠡ ᠳᠤ ᠠᠯᠬᠤᠮ ᠠᠯᠬᠤᠮ ᠢᠶᠠᠷ ᠣᠷᠣᠭᠤᠯᠵᠤ᠂ ᠲᠠᠷᠢᠶᠠᠯᠠᠩ ᠤᠨ ᠳᠠᠭᠠᠳᠬᠠᠯ ᠤᠨ | ᠨᠠᠷᠢᠯᠢᠭ ᠣᠨᠣᠪᠴᠢᠲᠠᠶ ᠪᠠᠷ ᠳᠠᠭᠠᠳᠬᠠᠯ ᠳᠤ ᠣᠷᠣᠭᠤᠯᠵᠤ ᠲᠥᠯᠥᠬᠦ ᠦᠢᠯᠡᠴᠢᠯᠡᠭᠡᠨ ᠤ ᠲᠦᠪᠰᠢᠨ ᠢ ᠬᠦᠴᠦᠯᠡᠨ | ᠳᠡᠭᠡᠭᠰᠢᠯᠡᠭᠦᠯᠦᠨ᠎ᠡ᠃ ᠠᠮᠤ ᠪᠤᠳᠠᠭ᠎ᠠ ︵ᠲᠣᠰᠣ︶ ᠶᠢᠨ ᠭᠠᠷᠤᠯᠲᠠ ᠶᠢᠨ ᠲᠣᠮᠣ ᠰᠢᠶᠠᠨ ᠢ ᠱᠠᠩᠨᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠦᠢᠯᠡᠳᠪᠦᠷᠢᠯᠡᠵᠦ ᠪᠣᠷᠣᠯᠠᠭᠤᠯᠬᠤ ᠣᠷᠣᠨ ᠤ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠳᠠᠪᠤᠷᠢ ᠶᠢ | ᠲᠣᠭᠲᠠᠪᠤᠷᠢᠵᠢᠭᠤᠯᠵᠤ᠂ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 300 ᠲᠦᠮᠡᠨ ᠲᠣᠨ ᠠᠴᠠ | ᠳᠠᠪᠠᠭᠤᠯᠬᠤ ᠪᠠᠷ ᠴᠢᠷᠮᠠᠶᠢᠨ᠎ᠠ᠃ ᠣᠨᠴᠠᠯᠢᠭᠲᠤ ᠤᠢ ᠶᠢᠨ ᠵᠢᠮᠢᠰ᠂ ᠣᠶ ᠰᠢᠭᠤᠢ ᠶᠢᠨ ᠢᠳᠡᠭᠡᠨ ᠵᠡᠷᠭᠡ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠦᠢᠯᠡᠳᠬᠦᠨ ᠤ ᠭᠠᠷᠤᠯᠲᠠ ᠶᠢ 120 ᠲᠦᠮᠡᠨ ᠲᠣᠨ ᠳᠤ ᠬᠦᠷᠭᠡᠨ᠎ᠡ᠃ | ᠤᠯᠤᠰ ᠢ ᠬᠠᠮᠵᠢᠨ ᠬᠠᠮ ᠢᠳᠡᠭᠡᠨ ᠢ ᠬᠢᠨᠠᠨ ᠬᠡᠮᠵᠢᠵᠦ ᠪᠦᠷᠢᠳᠬᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ | ︵ᠬᠤᠶᠠᠷ︶ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠷ᠎ᠡ ᠡᠭᠦᠯᠳᠡᠷ ᠤᠨ ᠢᠷᠡᠯᠲᠡ ᠶᠢ ᠥᠪᠡᠰᠦᠪᠡᠨ ᠬᠠᠩᠭᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠠᠭᠠᠯᠢ ᠶᠢᠨ ᠦᠨᠢᠶ᠎ᠡ᠂ | ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ 3 ᠭᠤᠣᠯ ᠲᠠᠯᠠᠪᠠᠶ ᠶᠢ ᠡᠭᠦᠳᠦᠨ ᠪᠠᠶᠢᠭᠤᠯᠤᠨ᠎ᠠ᠃ ᠰᠦ ᠶᠢᠨ | ᠢᠷᠡᠯᠲᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠶᠢ | ᠦᠨᠳᠦᠰᠦᠯᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠰᠢᠯᠢᠳᠡᠭᠵᠢᠭᠦᠯᠵᠦ᠂ ᠦᠢᠯᠡᠳᠪᠦᠷᠢᠯᠡᠯ | ᠬᠡᠷᠡᠭᠴᠡᠭᠡ ᠶᠢᠨ ᠲᠡᠩᠴᠡᠭᠦᠷᠢᠰᠢᠬᠦ ᠶᠢ ᠠᠬᠢᠭᠤᠯᠤᠨ᠂ ᠴᠠᠭᠠᠨ ᠢᠳᠡᠭᠡᠨ ᠨᠥᠭᠡᠴᠡᠯᠡᠬᠦ ᠳᠦᠷᠢᠮ ᠢ ᠪᠠᠶᠢᠭᠤᠯᠬᠤ ᠶᠢ | ᠠᠬᠢᠭᠤᠯᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ | ᠲᠦᠪᠰᠢᠨ ᠢ ᠳᠡᠭᠡᠭᠰᠢᠯᠡᠭᠦᠯᠵᠦ᠂ ᠪᠢᠰᠢᠯᠠᠭ ᠵᠡᠷᠭᠡ ᠬᠠᠲᠠᠭᠤ ᠲᠥᠯᠥᠪᠲᠦ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ | ᠦᠢᠯᠡᠰ ᠪᠠ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠦᠢᠯᠡᠰ ᠤᠨ | ᠳᠡᠰ ᠳᠡᠪᠰᠢᠬᠦ ᠶᠢ ᠠᠬᠢᠭᠤᠯᠤᠨ᠎ᠠ᠃ ᠲᠦᠭᠦᠬᠡᠢ ᠰᠦ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠭᠤᠰᠬᠠᠮᠠᠯ ᠰᠦ ᠶᠢᠨ | ᠲᠡᠮᠳᠡᠭ ᠢᠯᠡᠷᠬᠡᠶᠢᠯᠡᠯ ᠤᠨ ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠠᠭᠠᠨ ᠢᠳᠡᠭᠡᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃ ᠭᠦᠭᠡᠬᠤᠲᠠ ᠶᠢᠨ ᠢᠯᠢ ᠣᠲᠣ ᠦᠶ᠎ᠡ ᠶᠢᠨ ᠡᠷᠡᠭᠦᠯ ᠮᠡᠨᠳᠦ ᠶᠢᠨ | ᠬᠥᠨᠳᠡᠢ ᠶᠢᠨ ᠲᠥᠷᠥᠯ ᠵᠦᠢᠯ᠂ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ | ᠬᠦᠷᠢᠶᠡᠯᠡᠩ ᠤᠨ ︽ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ︾ ᠲᠥᠷᠥᠯ ᠵᠦᠢᠯ ᠢ ᠲᠦᠷᠭᠡᠳᠬᠡᠨ | ᠪᠦᠲᠦᠭᠡᠨ ᠪᠠᠶᠢᠭᠤᠯᠬᠤ ᠶᠢ ᠳᠡᠮᠵᠢᠨ᠎ᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠰᠦ ᠶᠢᠨ ᠦᠢᠯᠡᠰ ᠤᠨ | ᠠᠵᠤ ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠳᠡᠮᠵᠢᠨ᠎ᠡ᠃ ᠪᠦᠭᠦ ᠵᠢᠯ ᠤᠨ ᠰᠦ ᠶᠢᠨ | ᠭᠠᠷᠤᠯᠲᠠ ᠶᠢ 800 ᠲᠦᠮᠡᠨ ᠲᠣᠨ ᠢ ᠳᠠᠪᠠᠭᠤᠯᠬᠤ ᠪᠠᠷ ᠴᠢᠷᠮᠠᠶᠢᠵᠤ᠂ ᠰᠦ ᠶᠢᠨ ᠦᠢᠯᠡᠰ ᠤᠨ ᠪᠦᠭᠦ ᠠᠵᠤ | ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ︵ᠭᠤᠷᠪᠠ︶ ᠲᠡᠵᠢᠭᠡᠯ ᠡᠪᠡᠰᠦ ᠪᠣᠷᠳᠤᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠠᠷᠢᠮᠠᠯ ᠡᠪᠡᠰᠦ ᠶᠢ | ᠲᠦᠷᠭᠡᠳᠬᠡᠨ ᠬᠥᠭᠵᠢᠭᠦᠯᠵᠦ᠂ ᠬᠥᠬᠡ ᠳᠠᠷᠤᠰᠢ ᠶᠢᠨ ᠡᠷᠳᠡᠨᠢ ᠰᠢᠰᠢ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠨᠣᠬᠠᠢ ᠶᠢᠨ | ᠬᠤᠰᠢᠭᠤ᠂ ᠴᠠᠷᠭᠠᠰᠤ ᠵᠡᠷᠭᠡ ᠲᠡᠵᠢᠭᠡᠯ ᠡᠪᠡᠰᠦ ᠲᠠᠷᠢᠬᠤ ᠲᠠᠯᠠᠪᠠᠢ 2000 ᠲᠦᠮᠡᠨ ᠮᠦ ᠪᠠᠶᠢᠬᠤ ᠶᠢ ᠪᠠᠲᠤᠯᠠᠵᠤ᠂ | ᠡᠪᠡᠰᠦᠨ ᠦᠷ᠎ᠡ ᠶᠢ 40 ᠲᠦᠮᠡᠨ ᠮᠦ ᠪᠣᠶᠢᠵᠢᠭᠤᠯᠵᠤ᠂ ᠲᠡᠵᠢᠭᠡᠯ ᠡᠪᠡᠰᠦᠨ ᠤ ᠦᠢᠯᠡᠳᠬᠦᠨ ᠤ ᠥᠷᠲᠡᠭ ᠢ 900 | ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠮᠢ ᠠᠬᠤᠢ ᠶᠢᠨ ᠡᠪᠡᠰᠦᠨ ᠤ ᠠᠵᠤ ᠦᠢᠯᠡᠰ ᠢ | ᠶᠡᠭᠡ ᠪᠠᠷ ᠬᠥᠭᠵᠢᠭᠦᠯᠵᠦ᠂ ᠬᠢᠶᠠᠭ ᠡᠪᠡᠰᠦᠨ ᠤ ᠦᠢᠯᠡᠳᠪᠦᠷᠢᠯᠡᠯ ᠤᠨ ᠰᠠᠭᠤᠷᠢᠨ ᠢ 100 ᠲᠦᠮᠡᠨ ᠮᠦ | ᠪᠠᠶᠢᠭᠤᠯᠤᠨ᠎ᠠ᠃ ᠪᠠᠶᠢᠭᠠᠯᠢᠯᠢᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠵᠤ᠂ ᠣᠷᠳᠣᠰ᠂ | ᠤᠯᠠᠭᠠᠨᠴᠠᠪ ᠢᠶᠠᠷ ᠭᠤᠣᠯᠳᠠᠯᠭ᠎ᠠ ᠪᠣᠯᠭᠠᠨ 100 ᠲᠦᠮᠡᠨ ᠮᠦ ᠨᠠᠶᠢᠯᠵᠠᠭᠤᠷ ᠬᠠᠷᠭᠠᠨ᠎ᠠ ᠳᠠᠷᠢᠨ᠎ᠠ᠃ ᠨᠠᠶᠢᠯᠵᠠᠭᠤᠷ | ᠬᠠᠷᠭᠠᠨ᠎ᠠ ᠶᠢ ᠪᠣᠷᠳᠤᠭ᠎ᠠ ᠪᠣᠯᠭᠠᠨ ᠠᠰᠢᠭᠯᠠᠬᠤ ᠬᠡᠮᠵᠢᠶ᠎ᠡ ᠶᠢ 7 ᠲᠦᠮᠡᠨ ᠲᠣᠨ ᠠᠴᠠ ᠳᠡᠭᠡᠭᠰᠢ ᠳᠤ ᠬᠦᠷᠭᠡᠵᠦ᠂ ᠡᠰᠢ | ᠰᠦᠷᠡᠯ ᠢ ᠪᠣᠷᠳᠤᠭ᠎ᠠ ᠪᠣᠯᠭᠠᠨ ᠠᠰᠢᠭᠯᠠᠬᠤ ᠬᠡᠮᠵᠢᠶ᠎ᠡ ᠶᠢ 2800 ᠲᠦᠮᠡᠨ ᠲᠣᠨ ᠣᠷᠴᠢᠮ ᠳᠤ ᠪᠠᠶᠢᠯᠭᠠᠨ᠎ᠠ᠃ 5 | ᠲᠦᠮᠡᠨ ᠮᠦ ᠠᠴᠠ ᠳᠡᠭᠡᠭᠰᠢᠬᠢ ᠡᠪᠡᠰᠦᠨ ᠤ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ | ᠦᠵᠡᠭᠦᠯᠭᠦ ᠬᠦᠷᠢᠶᠡᠯᠡᠩ ᠲᠣᠭᠤᠷᠢᠭ ᠢ 5 ᠪᠠᠶᠢᠭᠤᠯᠤᠨ᠎ᠠ᠃ ᠤᠯᠤᠰ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ | ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠰᠠᠶᠢᠲᠤᠷ ᠠᠳᠬᠤᠵᠤ᠂ ᠪᠦᠲᠦᠴᠡ ᠳᠤ | ᠲᠣᠬᠢᠷᠠᠭᠤᠯᠤᠯᠲᠠ ᠬᠢᠬᠦ ᠲᠠᠯᠠᠪᠠᠶ ᠶᠢ 200 ᠲᠦᠮᠡᠨ ᠮᠦ ᠠᠴᠠ ᠳᠡᠭᠡᠭᠰᠢ ᠪᠠᠶᠢᠯᠭᠠᠵᠤ᠂ ᠬᠤᠳᠠᠯᠳᠤᠨ ᠠᠪᠴᠤ | ᠨᠥᠭᠡᠴᠡᠯᠡᠬᠦ ᠬᠡᠮᠵᠢᠶ᠎ᠡ ᠶᠢ 600 ᠲᠦᠮᠡᠨ ᠳᠤᠨ ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ | ︵ᠳᠥᠷᠪᠡ︶ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠦᠨ᠎ᠡ᠃ | ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ︽ᠢᠳᠡᠰᠢᠨ ᠨᠣᠭᠤᠭ᠎ᠠ ᠶᠢᠨ ᠰᠠᠭᠰᠤ︾᠂ ︽ᠵᠢᠮᠢᠰ ᠤᠨ ᠰᠠᠭᠰᠤ︾᠂ ︽ᠮᠦᠭᠦ ᠶᠢᠨ ᠰᠠᠭᠰᠤ︾᠂ | ︽ᠴᠡᠴᠡᠭ ᠤᠨ ᠰᠠᠭᠰᠤ︾᠂ ︽ᠡᠮ ᠤᠨ ᠰᠠᠭᠰᠤ︾ ᠶᠢᠨ ᠦᠢᠯᠡᠳᠪᠦᠷᠢᠯᠡᠯ ᠤᠨ ᠰᠠᠭᠤᠷᠢᠨ ᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ᠂ ᠲᠥᠬᠦᠭᠡᠷᠦᠮᠵᠢᠲᠦ ᠲᠠᠷᠢᠮᠠᠯ ᠤᠨ ᠦᠢᠯᠡᠰ ᠤᠨ ᠲᠠᠯᠠᠪᠠᠢ ᠶᠢ 24 ᠲᠦᠮᠡᠨ ᠮᠦ ᠰᠢᠨ᠎ᠡ ᠪᠠᠷ | ᠨᠡᠮᠡᠭᠳᠡᠭᠦᠯᠦᠨ᠎ᠡ᠃ ᠦᠢᠯᠡᠳᠪᠦᠷᠢᠯᠡᠯ ᠤᠨ ᠴᠢᠳᠠᠪᠤᠷᠢ ᠨᠢ 5000 ᠲᠦᠮᠡᠨ ᠰᠠᠭᠤᠷᠢ ᠠᠴᠠ ᠳᠡᠭᠡᠭᠰᠢᠬᠢ ᠢᠳᠡᠰᠢᠨ | ᠨᠣᠭᠤᠭ᠎ᠠ ᠶᠢᠨ ᠡᠷᠴᠢᠮᠵᠢᠭᠦᠯᠦᠨ ᠴᠢᠬᠢ ᠪᠣᠶᠢᠵᠢᠭᠤᠯᠬᠤ ᠲᠥᠪ ᠢ 6 ᠪᠠᠶᠢᠭᠤᠯᠤᠨ᠎ᠠ᠃ ᠤᠯᠠᠭᠠᠨᠬᠠᠳᠠ᠂ ᠭᠦᠭᠡᠬᠤᠲᠠ᠂ | ᠪᠤᠭᠤᠲᠤ᠂ ᠪᠠᠶᠠᠨᠨᠠᠭᠤᠷ᠂ ᠦᠬᠠᠢ᠂ ᠲᠦᠩᠯᠢᠶᠣᠣ ᠵᠡᠷᠭᠡ ᠭᠠᠵᠠᠷ ᠲᠤ 100 ᠮᠦ ᠠᠴᠠ ᠳᠡᠭᠡᠭᠰᠢᠬᠢ ᠲᠥᠬᠦᠭᠡᠷᠦᠮᠵᠢᠲᠦ | ᠲᠠᠷᠢᠮᠠᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ 15 ᠪᠠᠶᠢᠭᠤᠯᠵᠤ᠂ ᠭᠤᠣᠯ | ᠪᠤᠯᠬᠤ ᠬᠤᠲᠠ ᠪᠠᠯᠭᠠᠰᠤ ᠶᠢᠨ ᠡᠷᠭᠢᠨ ᠲᠣᠭᠤᠷᠢᠨ ᠳᠤ 500 ᠮᠦ ᠠᠴᠠ ᠳᠡᠭᠡᠭᠰᠢᠬᠢ ᠲᠥᠬᠦᠭᠡᠷᠦᠮᠵᠢᠲᠦ | ᠲᠠᠷᠢᠮᠠᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠨᠡᠶᠢᠲᠡ 11 ᠪᠠᠶᠢᠭᠤᠯᠤᠨ᠎ᠠ᠃ | ᠲᠥᠬᠦᠭᠡᠷᠦᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠪᠠᠷᠢᠮᠵᠢᠶᠠᠵᠢᠭᠰᠠᠨ ᠬᠦᠯᠡᠮᠵᠢ ᠶᠢ 500 | ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ | 200 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠠᠮᠢ | ᠠᠬᠤᠢ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠᠷ ᠭᠤᠣᠯ ᠪᠤᠯᠭᠠᠬᠰᠠᠨ ᠣᠳᠣ ᠦᠶ᠎ᠡ ᠶᠢᠨ ᠲᠥᠬᠦᠭᠡᠷᠦᠮᠵᠢᠲᠦ | ᠵᠢᠭᠠᠰᠤᠨ ᠤ ᠦᠢᠯᠡᠰ ᠢ ᠬᠥᠭᠵᠢᠭᠦᠯᠵᠦ᠂ 2000 ᠮᠦ ᠨᠠᠭᠤᠷ ᠴᠥᠭᠦᠷᠥᠮ ᠢ ᠪᠠᠷᠢᠮᠵᠢᠶᠠᠵᠢᠭᠤᠯᠤᠨ ᠥᠭᠡᠷᠡᠴᠢᠯᠡᠵᠦ᠂ | 2000 ᠮᠦ ᠬᠤᠵᠢᠷᠯᠢᠭ ᠭᠠᠵᠠᠷ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠦᠲᠦᠭᠡᠨ | ᠪᠠᠶᠢᠭᠤᠯᠵᠤ᠂ ᠦᠢᠯᠡᠳᠪᠦᠷᠢᠵᠢᠭᠦᠯᠦᠭᠰᠡᠨ ᠡᠷᠭᠢᠯᠲᠡᠲᠦ ᠤᠰᠤ ᠪᠠᠷ ᠲᠡᠵᠢᠭᠡᠨ ᠦᠷᠡᠵᠢᠭᠦᠯᠬᠦ ᠲᠠᠯᠠᠪᠠᠢ ᠶᠢ 10 ᠲᠦᠮᠡᠨ | ᠪᠣᠰᠤᠭ᠎ᠠ ᠳᠥᠷᠪᠡᠯᠵᠢᠨ ᠮᠧᠲᠷ ᠬᠥᠭᠵᠢᠭᠦᠯᠦᠨ᠎ᠡ᠃ | ︵ᠲᠠᠪᠤ︶ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ | ᠪᠣᠳᠠᠲᠠᠢ ᠠᠳᠬᠤᠵᠤ᠂ ︽ᠨᠥᠬᠦᠪᠦᠷᠢᠯᠡᠬᠦ ᠪᠠᠷ ᠡᠵᠡᠯᠡᠬᠦ ᠶᠢ ᠲᠣᠭᠲᠠᠭᠠᠬᠤ︾ ᠶᠢ ᠪᠠᠷᠢᠮᠲᠠᠯᠠᠨ᠂ ᠪᠦᠭᠦ ᠣᠷᠣᠨ ᠤ ᠲᠠᠷᠢᠶᠠᠨ | ᠭᠠᠵᠠᠷ ᠢ ᠲᠣᠭᠲᠠᠭᠤᠨ ᠢᠶᠠᠷ ᠠᠰᠢᠭᠯᠠᠬᠤ ᠴᠡᠪᠡᠷ ᠨᠡᠮᠡᠭᠳᠡᠯ ᠤᠨ ᠬᠡᠮᠵᠢᠶ᠎ᠡ ᠶᠢ ᠳᠠᠷᠠᠭ᠎ᠠ ᠵᠢᠯ ᠤᠨ ᠲᠠᠷᠢᠶᠠᠯᠠᠩ ᠤᠨ | ᠪᠤᠰᠤ ᠪᠦᠲᠦᠭᠡᠨ ᠪᠠᠶᠢᠭᠤᠯᠤᠯᠲᠠ ᠶᠢᠨ ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠬᠦ ᠲᠤᠭ᠎ᠠ ᠪᠠ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠶᠢ ᠵᠥᠪᠰᠢᠶᠡᠷᠡᠬᠦ ᠬᠡᠪᠴᠢᠶᠡᠨ ᠤ ᠬᠠᠮᠤᠭ ᠤᠨ ᠳᠡᠭᠡᠳᠦ ᠬᠢᠵᠠᠭᠠᠷ ᠪᠤᠯᠭᠠᠨ᠎ᠠ︔ | ᠨᠥᠬᠦᠪᠦᠷᠢᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠳ᠋ᠦᠩᠨᠡᠬᠦ ᠶᠢ ᠴᠢᠩᠭᠠᠳᠬᠠᠵᠤ᠂ ᠨᠥᠬᠦᠪᠦᠷᠢᠯᠡᠭᠰᠡᠨ | ᠲᠠᠷᠢᠶᠠᠨ ᠭᠠᠵᠠᠷ ᠤᠨ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠪᠠ ᠳᠠᠭᠢᠨ ᠦᠨᠡᠯᠡᠯᠲᠡ ᠬᠢᠬᠦ ᠵᠡᠷᠭᠡ | ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ᠂ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ | ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠠᠰᠠᠭᠤᠳᠠᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠲᠠᠷᠢᠶᠠᠨ | ᠭᠠᠵᠠᠷ ᠤᠨ ︽ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ︾ ᠠᠰᠠᠭᠤᠳᠠᠯ ᠢ ᠲᠥᠷᠥᠯ ᠬᠤᠪᠢᠶᠠᠨ ᠲᠣᠬᠢᠲᠠᠢ | ᠰᠢᠢᠳᠪᠦᠷᠢᠯᠡᠨ᠎ᠡ᠃ ᠠᠲᠠᠷᠰᠢᠭᠤᠯᠤᠭᠰᠠᠨ ᠲᠠᠷᠢᠶ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ | ᠣᠶᠢᠲᠤ ᠭᠠᠵᠠᠷ᠂ ᠨᠤᠲᠤᠭ ᠪᠡᠯᠴᠢᠭᠡᠷ᠂ ᠲᠠᠷᠢᠶᠠᠨ ᠭᠠᠵᠠᠷ ᠵᠡᠷᠭᠡ ᠭᠠᠵᠠᠷ ᠰᠢᠷᠣᠢ ᠶᠢᠨ ᠠᠰᠢᠭᠯᠠᠯᠲᠠ ᠶᠢᠨ ᠰᠢᠨᠵᠢ | ᠴᠢᠨᠠᠷ ᠵᠢᠴᠢ ᠡᠷᠬᠡ ᠶᠢᠨ ᠬᠠᠷᠢᠶ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ ᠭᠠᠵᠠᠷ | ᠰᠢᠷᠣᠢ ᠶᠢᠨ ᠡᠷᠬᠡ ᠶᠢᠨ ᠬᠠᠷᠢᠶ᠎ᠠ ᠳᠠᠪᠬᠤᠴᠠᠵᠤ ᠪᠠᠶᠢᠭ᠎ᠠ ᠠᠰᠠᠭᠤᠳᠠᠯᠢ ᠰᠤᠳᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠭᠦ ᠠᠵᠢᠯᠯᠠᠭ᠎ᠠ ᠶᠢ | ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠣᠷᠴᠢᠮ ᠪᠠᠶᠢᠭᠤᠯᠬᠤ ᠪᠠᠷ | ᠴᠢᠷᠮᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠬᠦᠯᠢ ᠣᠷᠣᠨ ᠪᠦᠰᠡ ᠪᠠᠷ ᠨᠢ ᠲᠤᠷᠰᠢᠯᠲᠠ ᠶᠢᠨ ᠴᠡᠭ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠨ | ᠠᠬᠢᠭᠤᠯᠤᠨ᠎ᠠ᠃ 900 ᠲᠦᠮᠡᠨ ᠮᠦ ᠶᠢᠨ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠦ᠂ | 2130 ᠲᠦᠮᠡᠨ ᠮᠦ ᠬᠠᠷ᠎ᠠ ᠬᠥᠷᠥᠰᠥ ᠳᠤ ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠨ᠎ᠠ᠃ ᠪᠠᠶᠠᠨᠨᠠᠭᠤᠷ ᠬᠤᠲᠠ ᠳᠤ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠪᠦᠭᠦ | ᠣᠷᠣᠨ ᠳᠤ ᠬᠤᠵᠢᠷᠯᠢᠭ ᠭᠠᠵᠠᠷ ᠢ 50 ᠲᠦᠮᠡᠨ ᠮᠦ ᠣᠷᠴᠢᠮ ᠥᠭᠡᠷᠡᠴᠢᠯᠡᠨ ᠠᠰᠢᠭᠯᠠᠨ᠎ᠠ᠃ ᠴᠤᠤᠯ ᠭᠤᠣᠯ ᠤᠨ | ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠵᠡᠷᠭᠡ ᠤᠰᠤᠨ ᠲᠣᠣᠷ ᠤᠨ ᠢᠨᠵᠧᠨᠧᠷᠢᠩ ᠤᠨ ᠣᠨ ᠤ | ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠ ᠪᠣᠷᠣᠳᠣᠬᠤᠢ᠂ ᠳ᠋ᠧᠩᠺᠧᠤ ᠶᠢᠨ 2 ᠲᠣᠮᠣ ᠭᠡᠯᠪᠡᠷᠢ ᠶᠢᠨ | ᠤᠰᠤᠯᠠᠯᠲᠠ ᠶᠢᠨ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠠᠶᠤᠯ | ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢ ᠠᠬᠢᠭᠤᠯᠵᠤ᠂ ᠬᠥᠨᠳᠡᠯᠡᠨ ᠤᠰᠤᠨ ᠴᠥᠭᠦᠷᠥᠮ ᠵᠡᠷᠭᠡ 3 | ᠰᠠᠭᠤᠷᠢ ᠳᠤᠮᠳᠠ ᠭᠡᠯᠪᠡᠷᠢ ᠶᠢᠨ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ | ᠠᠷᠢᠯᠭᠠᠨ ᠪᠠᠬᠢᠵᠢᠭᠦᠯᠬᠦ ᠪᠠᠷᠢᠯᠭ᠎ᠠ ᠵᠢᠴᠢ 10 ᠰᠠᠭᠤᠷᠢ ᠵᠢᠵᠢᠭ ᠭᠡᠯᠪᠡᠷᠢ ᠶᠢᠨ ᠤᠰᠤᠨ ᠴᠥᠭᠦᠷᠥᠮ ᠤᠨ ᠠᠶᠤᠯ | ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠭᠤᠣᠯ ᠴᠣᠭᠴᠠ ᠶᠢᠨ ᠪᠠᠷᠢᠯᠭ᠎ᠠ ᠶᠢ ᠬᠤᠭᠤᠴᠠᠭ᠎ᠠ ᠶᠣᠰᠣᠭᠠᠷ | ᠳᠠᠭᠤᠰᠬᠠᠬᠤ ᠶᠢ ᠦᠨᠡᠨ ᠬᠦ ᠪᠠᠲᠤᠯᠠᠵᠤ᠂ ᠭᠦᠭᠡᠬᠤᠲᠠ ᠶᠢᠨ ᠤᠰᠤᠲᠤ ᠤᠰᠤᠨ ᠴᠥᠭᠦᠷᠥᠮ᠂ ᠬᠢᠩᠭᠠᠨ ᠠᠶᠢᠮᠠᠭ ᠤᠨ | ᠬᠢᠩᠭᠠᠨ ᠤᠰᠤᠨ ᠴᠥᠭᠦᠷᠥᠮ᠂ ᠲᠦᠩᠯᠢᠶᠣᠣ ᠶᠢᠨ ᠰᠢᠶᠣᠣ ᠾᠧ ᠰᠢ ᠤᠰᠤᠨ ᠴᠥᠭᠦᠷᠥᠮ᠂ ᠰᠢᠯᠢ ᠶᠢᠨ ᠭᠤᠣᠯ ᠤᠨ | ᠴᠠᠭᠠᠨ ᠤᠰᠤᠨ ᠴᠥᠭᠦᠷᠥᠮ ᠤᠨ ᠰᠢᠪᠠᠷ ᠰᠢᠷᠣᠢ ᠶᠢ ᠠᠷᠢᠯᠭᠠᠬᠤ ᠠᠵᠢᠯ ᠢ ᠥᠷᠨᠢᠭᠦᠯᠦᠨ᠎ᠡ᠃ ᠵᠢᠵᠢᠭ ᠭᠡᠯᠪᠡᠷᠢ ᠶᠢᠨ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠤᠰᠤᠨ ᠳᠤ ᠡᠪᠳᠡᠭᠳᠡᠭᠰᠡᠨ ᠬᠡᠰᠡᠭ ᠢ ᠵᠠᠰᠠᠵᠤ ᠰᠡᠷᠭᠦᠭᠡᠬᠦ | ᠠᠵᠢᠯ ᠢ ᠰᠠᠶᠢᠲᠤᠷ ᠬᠢᠵᠦ᠂ 2024 ᠣᠨ ᠤ ᠭᠤᠣᠯ ᠦᠶᠡᠷᠯᠡᠬᠦ ᠬᠤᠭᠤᠴᠠᠭ᠎ᠠ ᠠᠴᠠ ᠡᠮᠦᠨ᠎ᠡ ᠤᠰᠤᠨ ᠳᠤ | ᠡᠪᠳᠡᠭᠳᠡᠭᠰᠡᠨ ᠬᠡᠰᠡᠭ ᠢ ᠵᠠᠰᠠᠵᠤ ᠰᠡᠷᠭᠦᠭᠡᠬᠦ ᠪᠠᠷᠢᠯᠭ᠎ᠠ ᠶᠢᠨ ᠦᠨᠳᠦᠰᠦᠨ ᠳᠡᠭᠡᠨ ᠠᠵᠢᠯ ᠳᠠᠭᠤᠰᠬᠤ ᠶᠢ ᠦᠨᠡᠨ ᠬᠦ | ᠪᠠᠲᠤᠯᠠᠨ᠎ᠠ᠃ ᠴᠠᠭ ᠠᠭᠤᠷ ᠤᠨ ᠭᠠᠮᠰᠢᠭ ᠢ ᠣᠬᠤᠷ ᠬᠤᠭᠤᠴᠠᠭ᠎ᠠ ᠪᠠᠷ ᠤᠷᠢᠳᠴᠢᠯᠠᠨ ᠰᠡᠷᠡᠮᠵᠢᠯᠡᠭᠦᠯᠭᠦ ᠪᠠ ᠳᠤᠮᠳᠠ | ᠤᠷᠲᠤ ᠬᠤᠭᠤᠴᠠᠭᠠᠨ ᠤ ᠬᠠᠨᠳᠤᠰᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ | ᠪᠦᠷᠢᠨᠰᠢᠭᠦᠯᠦᠨ᠎ᠡ᠃ | ︵ᠳᠣᠯᠤᠭ᠎ᠠ︶ ᠠᠮᠤ ᠪᠤᠳᠠᠭ᠎ᠠ ᠪᠣᠯᠣᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ | ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠠᠶᠤᠯᠭᠦᠢ ᠪᠠᠶᠢᠬᠤ ᠲᠦᠪᠰᠢᠨ ᠢ ᠳᠡᠭᠡᠭᠰᠢᠯᠡᠭᠦᠯᠦᠨ᠎ᠡ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠤ ᠪᠤᠳᠠᠭ᠎ᠠ ᠪᠠ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢᠨ ᠪᠠᠶᠢᠳᠠᠯ ᠢ ᠪᠠᠶᠢᠴᠠᠭᠠᠨ | ᠬᠢᠨᠠᠨ ᠰᠢᠨᠵᠢᠬᠦ ᠪᠠ ᠵᠠᠳᠠᠯᠤᠨ ᠰᠢᠨᠵᠢᠬᠦ ᠠᠵᠢᠯ ᠢ ᠥᠷᠨᠢᠭᠦᠯᠦᠨ᠎ᠡ᠃ ᠬᠢᠩᠭᠠᠨ ᠠᠶᠢᠮᠠᠭ ᠤᠨ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠵᠦ᠂ ︽ᠦᠢᠯᠡᠳᠪᠦᠷᠢᠯᠡᠬᠦ | ᠲᠡᠭᠡᠭᠡᠪᠦᠷᠢᠯᠡᠬᠦ ᠨᠥᠭᠡᠴᠡᠯᠡᠬᠦ ᠪᠤᠯᠪᠠᠰᠤᠷᠠᠭᠤᠯᠬᠤ ᠪᠣᠷᠣᠯᠠᠭᠤᠯᠬᠤ︾ ᠪᠦᠭᠦ ᠬᠡᠯᠬᠢᠶ᠎ᠡ ᠳᠠᠬᠢ ᠠᠮᠤ ᠪᠤᠳᠠᠭ᠎ᠠ ᠠᠷᠪᠢᠯᠠᠵᠤ | ᠬᠤᠷᠣᠭᠳᠠᠭᠤᠯᠤᠯ ᠢ ᠪᠠᠭᠠᠰᠬᠠᠬᠤ ᠶᠢ ᠠᠬᠢᠭᠤᠯᠤᠨ᠎ᠠ᠃ ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ ᠶᠢ | ᠥᠷᠨᠢᠭᠦᠯᠦᠨ᠂ ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ ᠶᠡᠭᠡ ᠪᠠᠷ ᠰᠠᠨᠠᠭᠠᠴᠢᠯᠠᠵᠤ᠂ ᠡᠷᠡᠭᠦᠯ ᠢᠶᠠᠷ ᠢᠳᠡᠵᠦ | ᠤᠤᠭᠤᠬᠤ ᠪᠠ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠶᠢ ᠪᠣᠯᠪᠠᠰᠤᠨ ᠢ ᠬᠥᠮᠥᠵᠢᠭᠦᠯᠬᠦ᠂ | ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠤᠨ᠎ᠠ᠃ | ︵ᠨᠠᠢᠮᠠ︶ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠨ᠎ᠠ᠃ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠡᠭᠦᠯᠳᠡᠷ ᠪᠣᠶᠢᠵᠢᠭᠤᠯᠬᠤ᠂ | ᠲᠠᠷᠢᠶᠠᠯᠠᠩ ᠤᠨ ᠮᠠᠰᠢᠨ ᠲᠣᠨᠣᠭᠯᠠᠯ᠂ ᠠᠮᠤ ᠪᠤᠳᠠᠭᠠᠨ ᠤ ᠡᠯᠪᠡᠭ ᠬᠤᠷᠢᠶᠠᠯᠲᠠ᠂ ᠳᠤᠮᠳᠠ ᠳᠣᠣᠷ᠎ᠠ ᠤᠨᠠᠯᠲᠠ ᠲᠠᠢ | ᠲᠠᠷᠢᠶᠠᠨ ᠭᠠᠵᠠᠷ ᠢ ᠥᠭᠡᠷᠡᠴᠢᠯᠡᠬᠦ᠂ ᠤᠰᠤ ᠠᠷᠪᠢᠯᠠᠬᠤ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠶᠢᠨ ᠲᠣᠭᠤᠷᠢᠨ ᠳᠤ ᠵᠠᠩᠭᠢᠯᠠᠭ᠎ᠠ ᠶᠢᠨ | ᠮᠡᠷᠭᠡᠵᠢᠯ ᠢ ᠨᠡᠭᠡᠭᠡᠨ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠭᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠵᠦ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ᠂ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨ᠎ᠡ ᠶᠢ | ᠡᠭᠦᠳᠬᠦ ᠲᠥᠪ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠵᠢᠭ | ᠬᠦᠷᠢᠶᠡᠯᠡᠩ ᠢ 70 ᠠᠴᠠ ᠳᠡᠭᠡᠭᠰᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ | ᠮᠡᠷᠭᠡᠵᠢᠯ ᠤᠨ ᠬᠠᠮᠵᠢᠯᠴᠠᠨ ᠳᠡᠯᠭᠡᠷᠡᠭᠦᠯᠬᠦ ᠪᠦᠯᠭᠦᠮ ᠢ 10 ᠪᠠᠶᠢᠭᠤᠯᠤᠨ᠎ᠠ᠃ ︽ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ 110︾ ᠤᠨ ᠦᠢᠯᠡᠴᠢᠯᠡᠭᠡ ᠶᠢ ᠥᠷᠨᠢᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠡᠭᠦᠯᠳᠡᠷ ᠪᠣᠶᠢᠵᠢᠭᠤᠯᠬᠤ ᠶᠢᠨ ᠬᠠᠮᠲᠤᠷᠠᠨ ᠪᠣᠭᠤᠮᠲᠠ | ᠰᠢᠪᠲᠤᠯᠬᠤ ᠪᠠ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠵᠢᠱᠢᠶ᠎ᠡ ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ 2 ᠠᠴᠠ 3 ᠡᠭᠦᠯᠳᠡᠷ ᠢ ᠤᠯᠤᠰ ᠤᠨ ᠭᠤᠣᠯ | ᠳᠡᠯᠭᠡᠷᠡᠭᠦᠯᠬᠦ ᠡᠭᠦᠯᠳᠡᠷ ᠤᠨ ᠭᠠᠷᠴᠠᠭ ᠲᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠤᠨ ᠲᠠᠰ ᠤᠨ 20 ᠮᠠᠯ | ᠵᠢᠭᠦᠷᠲᠡᠨ ᠤ ᠭᠤᠣᠯ ᠪᠤᠯᠬᠤ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠳᠡᠮᠵᠢᠨ᠎ᠠ᠃ ᠤᠯᠤᠰ ᠤᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠦᠷ᠎ᠡ ᠪᠣᠶᠢᠵᠢᠭᠤᠯᠬᠤ ᠲᠣᠮᠣ ᠰᠢᠶᠠᠨ ᠪᠠ | ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠠᠯᠠᠪᠠᠢ ᠶᠢ 130 ᠲᠦᠮᠡᠨ ᠮᠦ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ᠃ ᠡᠮᠦᠨᠡᠲᠦ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠣᠶᠢᠵᠢᠭᠤᠯᠬᠤ | ᠰᠠᠭᠤᠷᠢᠨ ᠢ ᠪᠦᠲᠦᠭᠡᠨ ᠪᠠᠶᠢᠭᠤᠯᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ | ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ | ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ | ᠲᠣᠨᠣᠭᠯᠠᠯ ᠢ ᠪᠣᠯᠪᠠᠰᠤᠷᠠᠩᠭᠤᠢ ᠪᠤᠯᠭᠠᠵᠤ ᠬᠡᠯᠪᠡᠷᠢᠵᠢᠭᠦᠯᠬᠦ ᠪᠠ ᠳᠡᠯᠭᠡᠷᠡᠭᠦᠯᠦᠨ ᠬᠡᠷᠡᠭᠯᠡᠬᠦ ᠰᠠᠭᠤᠷᠢᠨ ᠢ 6 | ᠪᠠᠶᠢᠭᠤᠯᠤᠨ᠎ᠠ᠃ | ᠭᠤᠷᠪᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠨ᠎ᠡ | ︵ᠶᠢᠰᠦ︶ ᠳᠠᠭᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ | ᠲᠥᠪᠯᠡᠷᠡᠭᠦᠯᠦᠨ᠂ ᠬᠥᠳᠡᠯᠦᠩᠭᠦᠢ ᠪᠠᠷ ᠬᠢᠨᠠᠨ ᠬᠡᠮᠵᠢᠵᠦ ᠪᠠᠶᠢᠴᠠᠭᠠᠬᠤ ᠪᠠ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ | ᠬᠡᠮᠵᠢᠵᠦ ᠪᠠᠶᠢᠭ᠎ᠠ ᠡᠲᠡᠭᠡᠳ ᠤᠨ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠪᠠ ᠤᠤᠭᠤᠬᠤ ᠤᠰᠤᠨ ᠤ | ᠠᠮᠤᠷ ᠲᠦᠪᠰᠢᠨ ᠤ ᠪᠠᠶᠢᠳᠠᠯ ᠤᠨ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠶᠢ | ᠠᠬᠢᠭᠤᠯᠤᠨ᠂ ᠭᠠᠮᠰᠢᠭ ᠠᠴᠠ ᠪᠣᠯᠵᠤ᠂ ᠡᠪᠡᠳᠴᠢᠨ ᠠᠴᠠ ᠪᠣᠯᠵᠤ ᠳᠠᠭᠢᠨ ᠶᠠᠳᠠᠭᠤᠷᠠᠬᠤ ᠪᠠ ᠶᠠᠳᠠᠭᠤᠷᠠᠬᠤ | ᠲᠦᠭᠰᠢᠭᠦᠷᠢ ᠶᠢ ᠬᠦᠴᠦᠯᠡᠨ ᠠᠷᠢᠯᠭᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠭᠠᠮᠰᠢᠭᠳᠠᠭᠰᠠᠨ | ᠮᠠᠯᠵᠢᠬᠤ ᠲᠠᠷᠢᠶᠠᠯᠠᠬᠤ ᠡᠷᠦᠭᠡ ᠳᠤ ᠤᠷᠢᠳ ᠢᠶᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠡᠮ ᠡᠮᠨᠡᠯᠭᠡ ᠶᠢᠨ ᠶᠡᠭᠡ ᠲᠣᠭᠠᠨ ᠤ ᠵᠠᠷᠤᠳᠠᠯ ᠲᠠᠢ | ᠡᠪᠡᠳᠴᠢᠲᠡᠨ ᠳᠤ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠳᠠᠭᠢᠨ ᠶᠠᠳᠠᠭᠤᠷᠠᠬᠤ ᠶᠢ ᠰᠡᠷᠭᠡᠶᠢᠯᠡᠵᠦ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ | ᠠᠮᠠ ᠶᠢ ᠪᠠᠶᠢᠩᠭᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠤᠳᠤᠯᠤᠨ | ᠠᠬᠢᠭᠤᠯᠤᠨ᠎ᠠ᠃ | ︵ᠠᠷᠪᠠ︶ ᠠᠵᠤ ᠦᠢᠯᠡᠰ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ | ᠠᠬᠢᠭᠤᠯᠬᠤ ᠨᠥᠬᠦᠪᠦᠷᠢ ᠪᠡᠯᠡ ᠮᠥᠩᠭᠦ ᠶᠢ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ | 65% ᠠᠴᠠ ᠳᠡᠭᠡᠭᠰᠢ ᠪᠤᠯᠲᠠᠯ᠎ᠠ ᠳᠡᠭᠡᠭᠰᠢᠯᠡᠭᠦᠯᠵᠦ᠂ ᠪᠡᠯᠡ ᠮᠥᠩᠭᠦ ᠶᠢᠨ ᠲᠥᠷᠥᠯ ᠵᠦᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠢ ᠭᠠᠴᠠᠭ᠎ᠠ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠤᠨ᠎ᠠ᠃ ᠠᠵᠤ ᠦᠢᠯᠡᠰ ᠢᠶᠠᠷ | ᠬᠠᠪᠰᠤᠷᠤᠨ ᠲᠡᠳᠬᠦᠬᠦ ᠶᠢ ᠲᠥᠷᠥᠯ ᠬᠤᠪᠢᠶᠠᠨ ᠥᠷᠨᠢᠭᠦᠯᠵᠦ᠂ ᠬᠠᠪᠰᠤᠷᠤᠨ ᠲᠡᠳᠬᠦᠬᠦ ᠲᠥᠷᠥᠯ ᠵᠦᠢᠯ ᠤᠨ | ᠬᠥᠮᠥᠷᠭᠡ ᠶᠢ ᠲᠡᠭᠦᠯᠳᠡᠷᠵᠢᠭᠦᠯᠦᠨ᠎ᠡ᠃ ᠭᠡᠷᠡᠯᠴᠢ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ | 2 ᠵᠢᠯ ᠤᠨ ᠳᠣᠲᠣᠷ᠎ᠠ ᠬᠠᠪᠰᠤᠷᠤᠨ ᠲᠡᠳᠬᠦᠬᠦ ᠲᠥᠷᠥᠯ ᠵᠦᠢᠯ ᠢ 100 ᠲᠦᠮᠡᠨ ᠭᠢᠯᠦᠸᠠᠲ ᠪᠦᠲᠦᠭᠡᠨ | ᠪᠠᠶᠢᠭᠤᠯᠤᠨ᠎ᠠ᠃ ᠬᠡᠷᠡᠭᠯᠡᠭᠡ ᠪᠠᠷ ᠬᠠᠪᠰᠤᠷᠤᠨ ᠲᠡᠳᠬᠦᠵᠦ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠪᠣᠭᠤᠮᠲᠠ ᠰᠢᠪᠲᠤᠯᠬᠤ | ᠠᠵᠢᠯᠯᠠᠭ᠎ᠠ ᠶᠢ ᠠᠬᠢᠭᠤᠯᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠠᠷᠭ᠎ᠠ | ᠵᠠᠮ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ | ᠠᠵᠢᠯ ᠣᠯᠭᠤᠬᠤ ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠦᠨ᠂ ︽ᠥᠪᠥᠷ ᠮᠣᠩᠭᠤᠯ ᠤᠨ ᠦᠢᠯᠡᠳᠬᠦᠨ ᠢ ᠪᠡᠭᠡᠵᠢᠩ ᠳᠤ ᠣᠷᠣᠭᠤᠯᠬᠤ᠂ ᠵᠠᠭᠤᠨ ᠠᠵᠤ | ᠠᠬᠤᠶᠢᠯᠠᠯ ᠬᠠᠮᠲᠤ ᠠᠶᠠᠯᠠᠬᠤ︾ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠨᠠᠷ | ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠠᠷᠭ᠎ᠠ ᠵᠠᠮ ᠢ | ᠥᠷᠭᠡᠳᠬᠡᠨ᠂ ᠵᠢᠯ ᠤᠨ ᠳᠣᠲᠣᠷ᠎ᠠ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ 300 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ︵ᠠᠷᠪᠠᠨ ᠨᠢᠭᠡ︶ ᠭᠤᠣᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ ᠲᠡᠳᠬᠦᠵᠦ ᠳᠡᠮᠵᠢᠬᠦ ᠶᠢ | ᠴᠢᠩᠭᠠᠷᠠᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠬᠤᠰᠢᠭᠤ ᠰᠢᠶᠠᠨ ᠲᠡᠶᠢᠰᠢ ᠬᠡᠯᠪᠡᠶᠢᠯᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠡᠮ | ᠡᠮᠨᠡᠯᠭᠡ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠺᠠᠳ᠋ᠷ ᠴᠢᠳᠠᠪᠤᠷᠢᠲᠠᠨ ᠢ | ︽ᠪᠦᠬᠦᠯᠢ ᠴᠣᠭᠴᠠ︾ ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠥᠷᠨᠢᠭᠦᠯᠦᠨ᠎ᠡ᠃ ᠣᠨᠳᠣᠣ ᠭᠠᠵᠠᠷ | ᠨᠡᠭᠦᠯᠭᠡᠭᠰᠡᠨ ᠤᠯᠠᠨ ᠲᠦᠮᠡᠨ ᠳᠤ ᠠᠵᠢᠯ ᠣᠯᠭᠤᠵᠤ ᠬᠠᠪᠰᠤᠷᠤᠨ ᠲᠡᠳᠬᠦᠬᠦ ᠪᠠ ᠠᠵᠤ ᠦᠢᠯᠡᠰ ᠢᠶᠠᠷ ᠲᠡᠳᠬᠦᠨ | ᠳᠡᠮᠵᠢᠬᠦ ᠶᠢ ᠴᠢᠩᠭᠠᠳᠬᠠᠵᠤ᠂ ᠲᠥᠪᠬᠢᠨᠡᠭᠦᠯᠦᠭᠰᠡᠨ ᠣᠷᠣᠨ ᠳᠠᠬᠢ ᠢᠵᠢ ᠪᠦᠷᠢᠳᠦᠭᠦᠯᠬᠦ ᠲᠥᠬᠦᠭᠡᠷᠦᠮᠵᠢ ᠶᠢ | ᠲᠡᠭᠦᠯᠳᠡᠷᠵᠢᠭᠦᠯᠦᠨ᠎ᠡ︔ ᠬᠤᠲᠠ ᠪᠠᠯᠭᠠᠰᠤ ᠳᠤ ᠨᠡᠭᠦᠯᠭᠡᠭᠰᠡᠨ ᠤ ᠳᠠᠷᠠᠭ᠎ᠠ ᠬᠥᠮᠥᠨ ᠠᠮᠠ ᠶᠢᠨ ᠨᠡᠮᠡᠭᠳᠡᠯ ᠠᠴᠠ ᠪᠣᠯᠵᠤ | ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠪᠣᠯᠤᠭᠰᠠᠨ ᠭᠡᠷ ᠪᠦᠯᠢ ᠶᠢ ᠲᠤᠬᠠᠢ ᠶᠢᠨ ᠭᠠᠵᠠᠷ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠵᠥᠪᠰᠢᠶᠡᠷᠡᠯ ᠤᠨ ᠨᠥᠬᠦᠴᠡᠯ ᠳᠤ ᠨᠡᠶᠢᠴᠡᠪᠡᠯ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ︽ᠭᠤᠷᠪᠠ ᠶᠢ ᠲᠡᠳᠬᠦᠵᠦ ᠨᠢᠭᠡ ᠶᠢ ᠳᠡᠮᠵᠢᠬᠦ︾ ᠲᠥᠯᠥᠪᠯᠡᠭᠡ ᠶᠢ ᠶᠠᠳᠠᠭᠤ ᠠᠴᠠ | ᠠᠩᠭᠢᠵᠢᠷᠠᠭᠤᠯᠤᠭᠰᠠᠨ ᠭᠠᠵᠠᠷ ᠣᠷᠣᠨ ᠲᠡᠶᠢᠰᠢ ᠬᠡᠯᠪᠡᠶᠢᠯᠭᠡᠨ᠎ᠡ᠃ | ᠳᠥᠷᠪᠡ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠬᠤᠰᠢᠭᠤᠴᠢ ᠣᠷᠣᠨ ᠢ | ᠪᠦᠲᠦᠭᠡᠨ ᠪᠠᠶᠢᠭᠤᠯᠤᠨ᠎ᠠ | ︵ᠠᠷᠪᠠᠨ ᠬᠤᠶᠠᠷ︶ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠮᠠᠯ ᠠᠵᠤ ᠠᠬᠤᠢ | ᠲᠠᠷᠢᠶᠠᠯᠠᠩ ᠢ ᠬᠠᠮᠲᠤ ᠪᠠᠷ ᠪᠦᠲᠦᠭᠡᠨ ᠪᠠᠶᠢᠭᠤᠯᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠮᠠᠯ ᠠᠵᠤ ᠠᠬᠤᠢ | ᠲᠠᠷᠢᠶᠠᠯᠠᠩ ᠢᠶᠠᠷ ᠤᠳᠤᠷᠢᠳᠤᠮᠵᠢ ᠪᠤᠯᠭᠠᠬᠰᠠᠨ᠂ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠪᠠ ᠳᠠᠪᠠᠭᠤᠯᠢᠭ ᠣᠨᠴᠠᠯᠢᠭᠲᠤ ᠠᠵᠤ ᠦᠢᠯᠡᠰ ᠢ ᠣᠯᠠᠨ ᠡᠰᠢᠵᠢᠭᠦᠯᠦᠨ ᠬᠥᠭᠵᠢᠭᠦᠯᠦᠭᠰᠡᠨ | ︽1 + 7 + N︾ ᠶᠡᠭᠡ ᠬᠥᠳᠡᠭᠡ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ | ᠤᠨ ᠬᠡᠪᠴᠢᠶᠡᠵᠢᠭᠰᠡᠨ ᠠᠵᠤ ᠦᠢᠯᠡᠰᠵᠢᠭᠰᠡᠨ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ 100 | ᠣᠷᠴᠢᠮ ᠠᠵᠤ ᠦᠢᠯᠡᠰ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ | ᠪᠤᠯᠪᠠᠰᠤᠷᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠷᠳᠡᠨᠢ | ᠰᠢᠰᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠩᠭᠡᠲᠦ ᠰᠢᠪᠲᠦᠷᠲᠦ ᠬᠦᠴᠢᠯ᠂ ᠨᠠᠷᠢᠯᠢᠭ ᠰᠢᠪᠲᠦᠷᠲᠦ | ᠬᠦᠴᠢᠯ᠂ ᠰᠢᠷ᠎ᠠ ᠲᠦᠭᠦᠬᠡᠢ ᠴᠠᠪᠠᠤ ᠵᠡᠷᠭᠡ ᠥᠨᠳᠥᠷ ᠨᠡᠮᠡᠯᠲᠡ ᠥᠷᠲᠡᠭ ᠲᠠᠢ ᠦᠢᠯᠡᠳᠬᠦᠨ ᠢ ᠶᠡᠭᠡ ᠪᠠᠷ | ᠬᠥᠭᠵᠢᠭᠦᠯᠵᠦ᠂ ᠦᠢᠯᠡᠳᠬᠦᠨ ᠤ ᠥᠷᠲᠡᠭ ᠢ 1500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠬᠤᠨᠢᠨ ᠮᠢᠬᠠᠨ ᠤ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠳᠠᠭᠠᠯᠲᠠ | ᠪᠦᠲᠦᠭᠡᠭᠳᠡᠬᠦᠨ ᠢ ᠭᠦᠢᠴᠡᠳ ᠠᠰᠢᠭᠯᠠᠬᠤ ᠶᠢ ᠠᠬᠢᠭᠤᠯᠤᠨ᠂ ᠥᠪᠥᠷ ᠮᠣᠩᠭᠤᠯ ᠤᠨ ᠬᠤᠨᠢᠨ ᠮᠢᠬᠠᠨ ᠤ ᠲᠦᠷᠦᠯ | ᠲᠡᠮᠳᠡᠭ ᠢ ᠪᠤᠶ ᠪᠤᠯᠭᠠᠵᠤ᠂ ᠮᠢᠩᠭᠠᠨ ᠳ᠋ᠦᠩᠰᠢᠭᠤᠷ ᠲᠠᠰ ᠤᠨ ᠦᠢᠯᠡᠳᠬᠦᠨ ᠤ ᠥᠷᠲᠡᠭ ᠤᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠵᠠᠭᠤᠨ ᠲᠦᠮᠡᠨ ᠲᠣᠯᠣᠭᠠᠢ ᠮᠢᠬᠠᠨ ᠦᠬᠡᠷ ᠢ ᠪᠣᠷᠳᠣᠬᠤ ᠠᠵᠢᠯᠯᠠᠭ᠎ᠠ ᠶᠢ ᠥᠷᠨᠢᠭᠦᠯᠵᠦ᠂ | ᠲᠦᠩᠯᠢᠶᠣᠣ ᠶᠢᠨ ᠪᠦᠭᠦ ᠤᠯᠤᠰ ᠤᠨ ᠮᠢᠬᠠᠨ ᠦᠬᠡᠷ ᠤᠨ ᠨᠢᠭᠡᠳᠦᠭᠡᠷ ᠪᠠᠯᠭᠠᠰᠤ ᠶᠢ ᠪᠠᠶᠢᠭᠤᠯᠬᠤ ᠶᠢ ᠳᠡᠮᠵᠢᠵᠦ᠂ | ᠪᠦᠭᠦ ᠣᠷᠣᠨ ᠤ ᠦᠢᠯᠡᠳᠬᠦᠨ ᠤ ᠥᠷᠲᠡᠭ ᠢ 800 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ | ᠲᠥᠮᠥᠰᠥ ᠲᠠᠷᠢᠬᠤ ᠶᠢ ᠵᠣᠷᠢᠭᠵᠢᠭᠤᠯᠵᠤ᠂ ᠴᠠᠷᠳᠠᠭᠤᠯ᠂ ᠪᠡᠯᠡᠨ ᠪᠤᠯᠭᠠᠬᠰᠠᠨ ᠨᠣᠭᠤᠭ᠎ᠠ᠂ ᠰᠤᠯᠠ ᠢᠳᠡᠭᠡᠨ ᠵᠡᠷᠭᠡ ᠶᠢ | ᠰᠤᠳᠤᠯᠤᠨ ᠨᠡᠭᠡᠭᠡᠵᠦ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠬᠦᠨ ᠤ | ᠥᠷᠲᠡᠭ ᠢ 180 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠨᠣᠣᠯᠣᠭᠤᠷ ᠤᠨ ᠢᠮᠠᠭᠠᠨ ᠤ | ᠡᠭᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠥᠪᠥᠷ ᠮᠣᠩᠭᠤᠯ ᠤᠨ ᠨᠣᠣᠯᠣᠭᠤᠷ ᠤᠨ ᠣᠯᠠᠨ | ᠤᠯᠤᠰ ᠲᠠᠬᠢ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠦᠢᠯᠡᠳᠬᠦᠨ ᠤ | ᠥᠷᠲᠡᠭ ᠢ 180 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠪᠠᠶᠠᠨᠨᠠᠭᠤᠷ ᠵᠡᠷᠭᠡ ᠭᠠᠵᠠᠷ ᠲᠤ | ᠬᠤᠨᠢᠨ ᠠᠷᠠᠰᠤ ᠶᠢ ᠢᠳᠡᠭᠡᠨ ᠪᠤᠯᠭᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠶᠢ ᠠᠬᠢᠭᠤᠯᠤᠨ᠎ᠠ᠃ | ᠪᠦᠭᠦ ᠵᠢᠯ ᠳᠤ ᠭᠤᠣᠯ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠣᠨᠳᠣᠣᠰᠢᠭᠤᠯᠬᠤ ᠨᠣᠷᠮ᠎ᠠ ᠶᠢ 73% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ | ︵ᠠᠷᠪᠠᠨ ᠭᠤᠷᠪᠠ︶ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ | ᠠᠬᠢᠭᠤᠯᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠲᠠᠢ ᠤᠶᠠᠯᠳᠤᠭᠤᠯᠤᠨ᠂ ᠵᠢᠯ ᠤᠨ ᠳᠣᠲᠣᠷ᠎ᠠ | ᠬᠠᠳᠤᠨ ᠭᠤᠣᠯ ᠤᠨ ︽ᠶᠡᠭᠡ ᠲᠣᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠠ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ᠂ ᠾᠧ ᠰᠢ ᠶᠢᠨ | ᠬᠤᠩᠭᠢᠯ — ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ | ᠲᠣᠰᠪᠤᠷᠢ 758 ᠲᠦᠮᠡᠨ ᠮᠦ᠂ 549 ᠲᠦᠮᠡᠨ ᠮᠦ᠂ 131 ᠲᠦᠮᠡᠨ ᠮᠦ ᠪᠡᠶᠡᠯᠡᠭᠦᠯᠦᠨ᠎ᠡ᠃ ᠤᠰᠤ ᠠᠷᠪᠢᠯᠠᠬᠤ | ᠲᠠᠷᠢᠶᠠᠯᠠᠩ ᠢ ᠶᠡᠭᠡ ᠪᠠᠷ ᠬᠥᠭᠵᠢᠭᠦᠯᠦᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ | 200 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠬᠡᠷᠡᠭᠵᠢᠭᠦᠯᠬᠦ ᠲᠠᠯᠠᠪᠠᠶ ᠶᠢ 4747 ᠲᠦᠮᠡᠨ ᠮᠦ ᠳᠤ ᠬᠦᠷᠭᠡᠨ᠎ᠡ᠃ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ ᠢ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠢᠩᠭᠠᠨ | ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠴᠢᠨᠠᠷ | ᠰᠠᠶᠢᠲᠠᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠬᠢᠮᠢ ᠶᠢᠨ ᠪᠣᠷᠳᠣᠭᠤᠷ ᠪᠠ ᠬᠢᠮᠢ ᠶᠢᠨ ᠲᠠᠷᠢᠶᠠᠨ ᠡᠮ ᠤᠨ ᠬᠡᠮᠵᠢᠶ᠎ᠡ ᠶᠢ | ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠰᠢᠭᠡᠭ ᠪᠣᠷᠳᠣᠭᠤᠷ ᠢ ᠲᠠᠷᠢᠶᠠᠨ ᠳᠤ ᠰᠢᠯᠵᠢᠭᠦᠯᠦᠨ ᠠᠰᠢᠭᠯᠠᠬᠤ ᠲᠠᠷᠢᠵᠤ | ᠲᠡᠵᠢᠭᠡᠬᠦ ᠶᠢ ᠤᠶᠠᠯᠳᠤᠭᠤᠯᠬᠤ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠰᠦᠯᠢᠶᠥᠦ | ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ᠢ ᠭᠦᠨᠵᠡᠭᠡᠢ ᠬᠡᠷᠡᠭᠵᠢᠭᠦᠯᠵᠦ᠂ ᠰᠦᠯᠢᠶᠥᠦ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠡᠮ ᠤᠨ ᠪᠠᠭᠯᠠᠭ᠎ᠠ | ᠪᠣᠭᠤᠳᠠᠯ ᠤᠨ ᠬᠠᠶᠠᠭᠳᠠᠮᠠᠯ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠴᠢᠩᠭᠠᠳᠬᠠᠨ᠎ᠠ᠃ ᠪᠣᠬᠢᠷᠲᠤᠭᠰᠠᠨ ᠲᠠᠷᠢᠶᠠᠨ | ᠭᠠᠵᠠᠷ ᠢ ᠠᠶᠤᠯᠭᠦᠢ ᠪᠣᠯᠭᠠᠨ ᠠᠰᠢᠭᠯᠠᠬᠤ ᠶᠢ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠤᠷᠵᠢᠭᠤᠯᠤᠬᠰᠠᠨ ᠬᠠᠮᠢᠶᠠᠷᠤᠯᠲᠠ ᠶᠢ ᠴᠢᠩᠭᠠᠳᠬᠠᠵᠤ᠂ | ᠪᠠᠷᠢᠮᠵᠢᠶ᠎ᠠ ᠳᠤ ᠬᠦᠷᠭᠡᠬᠦ ᠶᠢ ᠠᠮᠠᠯᠳᠠᠬᠤ ᠬᠢᠷᠢ ᠲᠡᠩᠴᠡᠭᠰᠡᠨ ᠦᠨᠡᠮᠯᠡᠯ ᠤᠨ ᠳᠦᠷᠢᠮ ᠪᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠠᠷᠪᠠᠨ ᠳᠥᠷᠪᠡ︶ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠢ ᠡᠭᠦᠳᠦᠨ᠎ᠡ᠃ | ︽ᠥᠪᠥᠷ ᠮᠣᠩᠭᠤᠯ︾ ᠨᠡᠷᠡᠮᠵᠢᠳᠤ ᠲᠡᠮᠳᠡᠭ ᠢᠶᠠᠷ ᠭᠡᠷᠡᠴᠢᠯᠡᠭᠦᠯᠬᠦ ᠶᠢ ᠶᠡᠭᠡ ᠪᠠᠷ ᠠᠬᠢᠭᠤᠯᠵᠤ᠂ ᠪᠣᠬᠢᠷᠳᠤᠯ ᠦᠭᠡᠢ | ᠣᠷᠭᠠᠨᠢᠭ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠯ | ᠠᠵᠤ ᠠᠬᠤᠢ ᠲᠠᠷᠢᠶᠠᠯᠠᠩ ᠤᠨ ᠰᠣᠳᠣᠨ ᠲᠦᠷᠦᠯ ᠲᠡᠮᠳᠡᠭ ᠤᠨ ᠢᠨᠵᠧᠨᠧᠷᠢᠩ ᠢ ᠬᠡᠷᠡᠭᠵᠢᠭᠦᠯᠵᠦ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ 30᠂ ᠠᠵᠤ ᠠᠬᠤᠶᠢᠯᠠᠯ ᠤᠨ ᠦᠢᠯᠡᠳᠬᠦᠨ ᠤ ᠲᠥᠷᠥᠯ | ᠲᠡᠮᠳᠡᠭ ᠢ150 ᠡᠭᠦᠳᠴᠦ᠂ ᠪᠣᠬᠢᠷᠳᠤᠯ ᠦᠭᠡᠢ ᠣᠷᠭᠠᠨᠢᠭ ᠪᠦᠲᠦᠭᠡᠭᠳᠡᠬᠦᠨ ᠢ 220᠂ ᠨᠡᠷᠡᠲᠦ ᠣᠨᠴᠠ ᠰᠢᠯᠢᠳᠡᠭ | ᠰᠢᠨ᠎ᠡ 100 ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠪᠣᠶᠢᠵᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ ᠪᠣᠯᠣᠨ ᠪᠦᠭᠦ | ᠤᠯᠤᠰ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ | ᠭᠠᠷᠠᠭ ᠵᠡᠷᠭᠡ ᠲᠠᠪᠴᠠᠩ ᠢ ᠰᠠᠶᠢᠲᠤᠷ ᠬᠡᠷᠡᠭᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠣᠷᠣᠯᠠᠭᠤᠯᠤᠨ ᠬᠤᠳᠠᠯᠳᠤᠬᠤ ᠬᠡᠪᠴᠢᠶ᠎ᠡ ᠶᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠲᠥᠪ ᠢ 30᠂ ᠰᠦᠯᠵᠢᠶᠡᠨ | ᠳᠡᠭᠡᠷᠡᠬᠢ ᠲᠦᠷᠦᠯ ᠲᠡᠮᠳᠡᠭ ᠤᠨ ᠬᠤᠰᠢᠭᠤᠴᠢ ᠳᠡᠯᠭᠡᠭᠦᠷ ᠢ 100 ᠣᠷᠴᠢᠮ ᠲᠡᠳᠬᠦᠵᠦ᠂ ᠪᠦᠭᠦ ᠤᠯᠤᠰ ᠤᠨ | ᠭᠤᠣᠯᠳᠠᠯᠭ᠎ᠠ ᠲᠠᠢ ᠬᠤᠲᠠ ᠳᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠳᠡᠯᠭᠡᠨ ᠪᠣᠷᠣᠯᠠᠭᠤᠯᠬᠤ ᠬᠤᠰᠢᠭᠤᠴᠢ ᠳᠡᠯᠭᠡᠭᠦᠷ ᠢ 100 ᠣᠷᠴᠢᠮ ᠪᠠᠶᠢᠷᠢᠯᠠᠭᠤᠯᠤᠨ ᠪᠠᠶᠢᠭᠤᠯᠵᠤ᠂ ᠭᠤᠣᠯ ᠪᠤᠯᠬᠤ | ᠬᠡᠷᠡᠭᠯᠡᠭᠡ ᠶᠢᠨ ᠭᠠᠵᠠᠷ ᠲᠤ ᠬᠡᠷᠡᠭᠯᠡᠭᠴᠢᠳ ᠲᠤ ᠣᠶᠢᠷᠠᠲᠤᠭᠤᠯᠬᠤ ᠬᠥᠮᠥᠷᠭᠡ ᠶᠢ 6 ᠪᠠᠶᠢᠭᠤᠯᠤᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ | ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠴᠢᠩ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ | ᠪᠣᠬᠢᠷᠳᠤᠯ ᠦᠭᠡᠢ ᠦᠨᠦᠷ ᠠᠮᠲᠠ︾ ᠶᠢ ᠥᠷᠭᠡᠨ ᠢᠶᠠᠷ ᠤᠬᠠᠭᠤᠯᠵᠤ᠂ ︽ᠥᠪᠥᠷ ᠮᠣᠩᠭᠤᠯ︾ ᠨᠡᠷᠡᠮᠵᠢᠳᠤ | ᠲᠡᠮᠳᠡᠭ — ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠳᠠᠶᠠᠭᠠᠷ ᠢᠶᠠᠨ ᠮᠡᠳᠡᠬᠦ ᠲᠦᠷᠦᠯ ᠲᠡᠮᠳᠡᠭ | ᠪᠣᠯᠭᠠᠨ᠎ᠠ᠃ | ︵ᠠᠷᠪᠠᠨ ᠲᠠᠪᠤ︶ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ | ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ 100 ᠣᠷᠴᠢᠮ ᠳᠠᠭᠠᠭᠤᠯᠤᠭᠴᠢ ᠠᠵᠤ | ᠠᠬᠤᠶᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠠ᠃ ᠲᠤᠰ ᠭᠠᠵᠠᠷ ᠣᠷᠣᠨ ᠤ ᠳᠠᠭᠠᠭᠤᠯᠤᠭᠴᠢ ᠠᠵᠤ | ᠠᠬᠤᠶᠢᠯᠠᠯ ᠢ ᠳᠠᠭᠢᠨ ᠵᠣᠬᠢᠶᠠᠨ ᠪᠠᠶᠢᠭᠤᠯᠬᠤ᠂ ᠫᠠᠶᠢᠰᠠ ᠡᠯᠭᠦᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ᠂ | ᠤᠯᠤᠰ ᠤᠨ ᠲᠡᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢᠶᠠᠷ ᠮᠡᠳᠡᠭᠦᠯᠬᠦ ᠶᠢ ᠵᠣᠷᠢᠭᠵᠢᠭᠤᠯᠤᠨ᠎ᠠ᠃ | ᠮᠥᠷᠥᠶᠢᠴᠡᠭᠡᠨᠲᠦ ᠴᠢᠨᠠᠷᠲᠠᠢ ᠠᠷᠠᠯᠵᠢᠶᠠᠴᠢᠨ ᠤᠷᠢᠬᠤ᠂ ᠬᠠᠮᠲᠤᠷᠠᠯᠴᠠᠬᠤ ᠠᠷᠠᠯᠵᠢᠶᠠᠴᠢᠨ ᠤᠷᠢᠬᠤ᠂ ᠬᠥᠷᠥᠩᠭᠡ ᠶᠢᠨ | ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ᠂ ᠬᠤᠰᠢᠭᠤᠴᠢ ᠠᠵᠤ | ᠠᠬᠤᠶᠢᠯᠠᠯ ᠢ ᠬᠠᠨᠳᠤᠯᠭ᠎ᠠ ᠲᠠᠢ ᠪᠠᠷ ᠣᠷᠣᠭᠤᠯᠵᠤ ᠠᠪᠴᠢᠷᠠᠵᠤ ᠨᠤᠲᠤᠭᠰᠢᠭᠤᠯᠤᠨ᠎ᠠ᠃ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠬᠠᠩᠭᠠᠨ | ᠪᠣᠷᠣᠯᠠᠭᠤᠯᠬᠤ ᠬᠤᠷᠰᠢᠶᠠᠨ ᠤ ᠥᠭᠡᠷᠡᠴᠢᠯᠡᠨ ᠪᠠᠶᠢᠭᠤᠯᠤᠯᠲᠠ ᠶᠢ ᠲᠦᠷᠭᠡᠳᠬᠡᠨ᠎ᠡ᠃ 1000 ᠣᠷᠴᠢᠮ ᠰᠢᠨ᠎ᠡ | ᠭᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ | ᠵᠢᠯᠣᠭᠤᠳᠤᠭᠴᠢ ᠶᠢ ᠰᠣᠩᠭᠤᠨ ᠡᠯᠰᠡᠵᠦ᠂ ︽ᠮᠢᠩᠭᠠᠨ ᠬᠥᠮᠥᠨ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ | ᠥᠷᠨᠢᠭᠦᠯᠦᠨ᠎ᠡ᠃ ᠬᠥᠳᠡᠭᠡ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ | ᠵᠢᠱᠢᠶ᠎ᠡ ᠦᠵᠡᠭᠦᠯᠭᠦ ᠠᠵᠢᠯ ᠢ ᠥᠷᠨᠢᠭᠦᠯᠵᠦ᠂ ᠦᠢᠯᠡᠴᠢᠯᠡᠭᠡᠨ ᠤ ᠲᠠᠯᠠᠪᠠᠶ ᠶᠢ 3000 ᠲᠦᠮᠡᠨ ᠮᠦ ᠠᠴᠠ | ᠳᠠᠪᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡ ᠶᠢᠨ | ᠲᠥᠪ ᠪᠣᠯᠭᠠᠨ ᠪᠠᠶᠢᠭᠤᠯᠬᠤ ᠶᠢ ᠳᠡᠮᠵᠢᠨ᠎ᠡ᠃ ᠣᠷᠳᠣᠰ᠂ ᠪᠠᠶᠠᠨᠨᠠᠭᠤᠷ᠂ ᠬᠢᠩᠭᠠᠨ ᠠᠶᠢᠮᠠᠭ᠂ ᠦᠬᠠᠢ ᠵᠢᠴᠢ ᠦᠬᠡᠷ ᠬᠤᠨᠢ | ᠲᠡᠵᠢᠭᠡᠨ ᠦᠷᠡᠵᠢᠭᠦᠯᠬᠦ 22 ᠲᠣᠮᠣ ᠰᠢᠶᠠᠨ ᠳᠤ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ | ᠳᠡᠯᠭᠡᠷᠡᠭᠦᠯᠦᠨ᠎ᠡ᠃ ᠲᠣᠭᠲᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠣᠷᠣᠨ᠂ ᠠᠮᠢᠲᠠᠨ ᠤ ᠬᠢᠵᠢᠭ ᠡᠪᠡᠳᠴᠢᠨ ᠢ | ᠴᠡᠪᠡᠷᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ |