︵ᠠᠷᠪᠠᠨ ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠦᠨ᠎ᠡ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠢᠯᠡᠭᠡᠨ ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠲᠣᠣᠷ ᠢ | ᠲᠡᠭᠦᠯᠳᠡᠷᠵᠢᠭᠦᠯᠦᠨ᠂ 5000 ᠪᠠᠷᠢᠮᠵᠢᠶᠠᠵᠢᠭᠰᠠᠨ ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭ᠎ᠠ ᠶᠢᠨ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ ᠪᠠᠶᠢᠭᠤᠯᠤᠨ᠎ᠠ᠃ ᠬᠤᠲᠠ ᠬᠥᠳᠡᠭᠡ ᠶᠢᠨ ᠵᠠᠮ | ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠭᠦ ᠰᠢᠶᠠᠨ ᠢ ᠡᠭᠦᠳᠦᠨ ᠪᠠᠶᠢᠭᠤᠯᠬᠤ ᠶᠢ ᠭᠦᠨᠵᠡᠭᠡᠢ | ᠥᠷᠨᠢᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠵᠡᠷᠭᠡ ᠭᠤᠣᠯ ᠴᠣᠭᠴᠠ ᠶᠢᠨ ᠬᠡᠪᠴᠢᠶ᠎ᠡ ᠨᠢ ᠵᠣᠬᠢᠰᠲᠠᠢ ᠬᠦᠢᠲᠡᠨ ᠢᠶᠠᠷ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠬᠦ ᠶᠢ ᠳᠡᠮᠵᠢᠨ᠎ᠡ᠃ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ︽ᠬᠠᠩᠭᠠᠯᠭ᠎ᠠ ᠶᠢ ᠪᠠᠲᠤᠯᠠᠬᠤ ᠭᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ︾ ᠢ ᠪᠠᠶᠢᠭᠤᠯᠬᠤ ᠶᠢ ᠳᠡᠮᠵᠢᠨ᠎ᠡ᠃ ᠭᠤᠣᠯᠯᠠᠭᠴᠢ ᠬᠦᠢᠲᠡᠨ | ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠭᠦᠭᠡᠬᠤᠲᠠ᠂ | ᠲᠦᠩᠯᠢᠶᠣᠣ᠂ ᠪᠠᠶᠠᠨᠨᠠᠭᠤᠷ ᠤᠨ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠤᠭᠤᠲᠤ ᠬᠤᠲᠠ ᠶᠢᠨ ᠤᠯᠤᠰ ᠤᠨ ᠭᠤᠣᠯᠯᠠᠭᠴᠢ | ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠢ ᠪᠠᠶᠢᠭᠤᠯᠬᠤ ᠪᠠᠷ ᠭᠤᠶᠤᠴᠢᠯᠠᠬᠤ ᠶᠢ ᠳᠠᠮᠵᠢᠨ᠎ᠠ᠃ | ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶ᠎ᠡ | ᠴᠠᠷᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠠᠷᠢᠶᠠᠯᠠᠩ ᠤᠨ ᠬᠡᠷᠡᠭᠰᠡᠯ ᠤᠨ | ᠬᠠᠭᠤᠷᠮᠠᠭ ᠮᠠᠭᠤ ᠲᠠᠸᠠᠷ ᠲᠤ ᠴᠣᠬᠢᠯᠲᠠ ᠥᠭᠬᠦ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠬᠠᠭᠤᠷᠮᠠᠭ ᠮᠠᠭᠤ ᠲᠠᠸᠠᠷ ᠢ ᠦᠷᠭᠦᠯᠵᠢᠯᠡᠨ ᠴᠡᠭᠴᠡᠯᠡᠨ ᠵᠠᠰᠠᠨ᠎ᠠ᠃ | ︵ᠠᠷᠪᠠᠨ ᠳᠣᠯᠤᠭ᠎ᠠ︶ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠦᠴᠦᠯᠡᠨ ᠠᠬᠢᠭᠤᠯᠤᠨ᠎ᠠ᠃ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ | ᠥᠷᠭᠡᠳᠬᠡᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠴᠢᠬᠤᠯᠠ ᠶᠡᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ | ᠬᠡᠪᠴᠢᠶ᠎ᠡ ᠶᠢ ᠭᠡᠷ᠎ᠡ ᠶᠢᠨ ᠲᠣᠭᠠᠨ ᠤ 10% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠬᠦᠷᠢᠶ᠎ᠡ ᠬᠠᠰᠢᠶᠠᠨ ᠤ | ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ | ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠥᠷᠨᠢᠭᠦᠯᠦᠨ᠂ ᠮᠠᠯᠴᠢᠨ | ᠲᠠᠷᠢᠶᠠᠴᠢᠳ ᠤᠨ ᠭᠡᠷ ᠤᠨ ᠢᠶᠠᠨ ᠡᠷᠭᠢᠨ ᠲᠣᠭᠤᠷᠢᠨ ᠳᠤ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢᠨ ᠣᠷᠣᠨ ᠵᠠᠢ ᠪᠠᠨ | ᠠᠰᠢᠭᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠲᠠᠷᠢᠵᠤ ᠲᠡᠵᠢᠭᠡᠬᠦ᠂ | ᠣᠨᠴᠠᠯᠢᠭᠲᠤ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ᠂ ᠭᠠᠷ ᠦᠢᠯᠡᠳᠬᠡᠯ ᠤᠨ ᠭᠠᠵᠠᠷ ᠵᠡᠷᠭᠡ ᠬᠦᠷᠢᠶ᠎ᠡ | ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ 150 ᠭᠠᠴᠠᠭ᠎ᠠ ᠲᠣᠰᠬᠤᠨ ᠢ ᠰᠣᠩᠭᠤᠵᠤ | ︽ᠨᠢᠭᠡᠳᠦᠯᠲᠡᠢ ᠲᠠᠷᠢᠵᠤ ︵ᠲᠡᠵᠢᠭᠡᠵᠦ︶ ᠬᠠᠮᠲᠤ ᠪᠠᠷ ᠪᠠᠶᠠᠵᠢᠬᠤ︾ ᠵᠠᠭᠪᠤᠷ ᠢ ᠳᠡᠯᠭᠡᠷᠡᠭᠦᠯᠵᠦ᠂ ᠮᠠᠯᠴᠢᠨ | ᠲᠠᠷᠢᠶᠠᠴᠢᠳ ᠤᠨ ᠡᠵᠡᠩᠨᠡᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠰᠢᠨ᠎ᠡ ᠨᠢᠭᠡ ᠡᠭᠡᠯᠵᠢ ᠶᠢᠨ ᠬᠠᠮᠲᠤ ᠶᠢᠨ ᠠᠵᠤ ᠠᠬᠤᠢ ᠶᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠴᠢᠨ ᠲᠠᠷᠢᠶᠠᠴᠢᠳ ᠤᠨ ᠡᠳ᠋ ᠬᠥᠷᠥᠩᠭᠡ ᠶᠢᠨ | ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃ ︽ᠤᠷᠢᠬᠠᠨ ᠰᠠᠯᠬᠢ ᠶᠢᠨ ᠠᠵᠢᠯᠯᠠᠭ᠎ᠠ︾᠂ ︽ᠬᠥᠯᠥᠰᠦᠨ ᠮᠠᠯᠴᠢᠨ | ᠲᠠᠷᠢᠶᠠᠴᠢᠳ ᠢ ᠳᠤᠯᠠᠭᠠᠴᠠᠭᠤᠯᠬᠤ︾ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠨᠠᠰᠤ ᠠᠬᠢᠭᠰᠠᠨ ᠬᠥᠯᠥᠰᠦᠨ ᠮᠠᠯᠴᠢᠨ | ᠲᠠᠷᠢᠶᠠᠴᠢᠳ ᠲᠤ ᠠᠵᠢᠯ ᠣᠯᠭᠤᠬᠤ ᠶᠢ ᠲᠡᠳᠬᠦᠨ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠦᠯᠦᠨ | ᠠᠵᠢᠯ ᠣᠯᠭᠤᠬᠤ ᠬᠥᠳᠡᠯᠮᠦᠷᠢᠴᠢᠳ ᠲᠤ ᠵᠠᠬᠢᠶᠠᠯᠠᠭ᠎ᠠ᠂ ᠴᠢᠭᠯᠡᠯ᠂ ᠠᠵᠢᠯ ᠤᠨ ᠪᠠᠶᠢᠷᠢ ᠲᠣᠭᠲᠠᠭᠠᠵᠤ ᠥᠭᠬᠦ | ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠦᠭᠦ ᠵᠢᠯ ᠳᠤ 240 ᠲᠦᠮᠡ ᠠᠴᠠ ᠳᠡᠭᠡᠭᠰᠢ ᠬᠥᠮᠥᠨ ᠢ ᠰᠢᠯᠵᠢᠭᠦᠯᠦᠨ | ᠠᠵᠢᠯ ᠣᠯᠭᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠥᠯᠥᠰᠦᠨ ᠮᠠᠯᠴᠢᠨ | ᠲᠠᠷᠢᠶᠠᠴᠢᠳ ᠤᠨ ᠴᠠᠯᠢᠩ ᠣᠯᠭᠤᠯᠲᠠ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ | ᠪᠦᠷᠢᠨᠰᠢᠭᠦᠯᠵᠦ᠂ ᠬᠥᠯᠥᠰᠦᠨ ᠮᠠᠯᠴᠢᠨ ᠲᠠᠷᠢᠶᠠᠴᠢᠳ ᠤᠨ ᠴᠠᠯᠢᠩ ᠢ ᠮᠠᠭᠤ ᠰᠠᠨᠠᠭ᠎ᠠ ᠪᠠᠷ ᠥᠷᠢᠲᠦᠬᠦ ᠦᠶᠯᠡ | ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠨ᠎ᠡ᠃ | ᠲᠠᠪᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ | ᠠᠬᠢᠭᠤᠯᠤᠨ᠎ᠠ | ︵ᠠᠷᠪᠠᠨ ᠨᠠᠢᠮᠠ︶ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠲᠦᠪᠰᠢᠨ ᠢ | ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ ︽ᠣᠯᠠᠨ ᠲᠥᠯᠦᠪᠵᠢᠭᠦᠯᠭᠡ ᠶᠢ ᠨᠢᠭᠡ ᠪᠤᠯᠭᠠᠵᠤ ᠨᠢᠭᠡᠳᠬᠡᠬᠦ︾ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ᠂ ᠨᠠᠶᠢᠷᠠᠭᠤᠯᠤᠨ ᠵᠣᠬᠢᠶᠠᠬᠤ ᠴᠢᠬᠤᠯᠠ ᠦᠭᠡᠢ ᠶᠢ ᠨᠢ | ᠰᠢᠶᠠᠨ ᠰᠢᠶᠠᠩ ᠤᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠡᠩ ᠤᠨ | ᠳᠦᠷᠢᠮ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ ᠢᠶᠠᠷ ᠲᠣᠳᠣᠷᠬᠠᠶᠢᠯᠠᠵᠤ ᠪᠣᠯᠣᠨ᠎ᠠ᠃ ᠲᠠᠷᠢᠶᠠᠨ ᠭᠠᠵᠠᠷ ᠤᠨ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠦᠭᠡᠢ᠂ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ | ᠪᠠᠶᠢᠷᠢᠰᠢᠯ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠤᠷᠢᠲᠠᠯ ᠳᠣᠣᠷ᠎ᠠ᠂ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠪᠠ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠦᠷᠦ ᠶᠢᠨ ᠪᠣᠳᠣᠯᠭ᠎ᠠ ᠶᠢ | ᠶᠡᠷᠦᠩᠬᠡᠶᠢᠯᠡᠨ ᠬᠡᠷᠡᠭᠯᠡᠵᠦ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠰᠤᠯᠠ ᠪᠠᠶᠢᠭ᠎ᠠ ᠭᠠᠵᠠᠷ ᠰᠢᠷᠣᠢ ᠶᠢ | ᠨᠡᠶᠢᠳᠬᠡᠵᠦ ᠠᠮᠢᠳᠤᠯᠢᠭᠵᠢᠭᠤᠯᠤᠨ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠬᠦ ᠭᠠᠵᠠᠷ ᠢ ᠪᠠᠲᠤᠯᠠᠨ᠎ᠠ᠃ ᠳᠤᠷ᠎ᠠ ᠪᠠᠷ ᠢᠶᠠᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ᠂ | ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠨ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ | ᠴᠢᠩᠭ᠎ᠠ ᠴᠠᠭᠠᠵᠠᠯᠠᠨ᠎ᠠ᠃ | ︵ᠠᠷᠪᠠ ᠶᠢᠰᠦ︶ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠴᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠰᠢᠶᠠᠩ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ | ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠬᠢᠯᠢ ᠶᠢᠨ ᠣᠨᠴᠠᠯᠢᠭ ᠢ | ᠢᠯᠡᠷᠡᠭᠦᠯᠦᠭᠰᠡᠨ ᠨᠢᠭᠡ ᠪᠦᠯᠦᠭ ᠵᠢᠱᠢᠶ᠎ᠡ ᠦᠵᠡᠭᠦᠯᠭᠦ ᠵᠠᠭᠪᠤᠷ ᠢ ᠪᠦᠯᠦᠭ ᠬᠤᠪᠢᠶᠠᠨ ᠡᠭᠦᠳᠦᠨ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠡᠷᠦᠭᠡ ᠶᠢᠨ ᠰᠠᠶᠢᠨ ᠳᠤᠷ᠎ᠠ ᠠᠴᠠ ᠪᠠᠨ ᠪᠠᠷᠢᠮᠵᠢᠶ᠎ᠠ ᠶᠣᠰᠣᠭᠠᠷ ᠵᠣᠷᠯᠣᠩ ᠢ ᠥᠭᠡᠷᠡᠴᠢᠯᠡᠬᠦ ᠶᠢ | ᠰᠦᠪᠡᠭᠴᠢᠯᠡᠨ ᠠᠬᠢᠭᠤᠯᠵᠤ᠂ ᠵᠠᠰᠠᠭ ᠤᠨ ᠣᠷᠳᠣᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠷᠦᠭᠡ ᠳᠤ | ᠣᠯᠭᠤᠬᠤ ᠨᠥᠬᠦᠪᠦᠷᠢ ᠱᠠᠩᠨᠠᠯ ᠤᠨ ᠵᠠᠭᠪᠤᠷ ᠢ ᠬᠡᠷᠡᠭᠵᠢᠭᠦᠯᠵᠦ᠂ 5.5 ᠲᠦᠮᠡᠨ ᠡᠷᠦᠭᠡ ᠠᠷᠢᠭᠤᠨ ᠴᠡᠪᠡᠷ | ᠡᠷᠦᠭᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ | ᠬᠠᠷᠢᠴᠠᠩᠭᠤᠢ ᠲᠥᠪᠯᠡᠷᠡᠭᠰᠡᠨ ᠭᠠᠵᠠᠷ ᠣᠷᠣᠨ ᠤ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ | ︽135︾ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ᠂ ᠪᠠᠷᠠᠭᠤᠨ ᠯᠢᠶᠣᠤᠾᠧ | ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠳᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠥᠷᠨᠢᠭᠦᠯᠵᠦ᠂ 400 ᠵᠠᠰᠠᠭ ᠵᠠᠬᠢᠷᠭᠠᠨ ᠤ ᠲᠣᠰᠬᠤᠨ ᠢ ᠬᠠᠮᠤᠷᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ︽ᠶᠡᠭᠡ ᠪᠠᠷ ᠵᠢᠭᠰᠠᠭᠠᠨ | ᠪᠠᠶᠢᠴᠠᠭᠠᠬᠤ᠂ ᠶᠡᠭᠡ ᠪᠠᠷ ᠢᠯᠭᠠᠷᠠᠭᠤᠯᠬᠤ᠂ ᠶᠡᠭᠡ ᠪᠠᠷ ᠴᠡᠭᠴᠡᠯᠡᠨ ᠵᠠᠰᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠣᠷᠭᠠᠨᠢᠭ ᠠᠮᠢᠳᠤᠷᠠᠯ ᠤᠨ ᠬᠤᠭ ᠨᠣᠪᠰᠢ᠂ ᠪᠠᠭᠠᠰᠤ ᠰᠢᠭᠡᠰᠦ᠂ ᠮᠠᠯ ᠠᠵᠤ ᠠᠬᠤᠢ | ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ | ᠠᠰᠢᠭᠯᠠᠬᠤ ᠶᠢ ᠬᠠᠮᠵᠢᠯᠴᠠᠨ ᠠᠬᠢᠭᠤᠯᠤᠨ᠎ᠠ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ | ᠳᠡᠭᠡᠭᠰᠢᠯᠡᠭᠦᠯᠭᠦ ᠪᠠ ᠠᠵᠢᠯᠯᠠᠭᠤᠯᠵᠤ ᠬᠠᠮᠢᠶᠠᠷᠴᠤ ᠬᠠᠮᠠᠭᠠᠯᠠᠬᠤ ᠳᠤ ᠮᠠᠯᠴᠢᠨ ᠲᠠᠷᠢᠶᠠᠴᠢᠳ ᠤᠨ ᠣᠷᠤᠯᠴᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠬᠤᠷᠢ︶ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠷᠢᠨ ᠲᠡᠭᠦᠯᠳᠡᠷ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠭᠦ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ 2024 ᠣᠨ ᠳᠤ 270 ᠲᠥᠪᠯᠡᠷᠡᠭᠦᠯᠦᠨ ᠬᠠᠩᠭᠠᠬᠤ ᠢᠨᠵᠧᠨᠧᠷᠢᠩ ᠢ | ᠰᠢᠨ᠎ᠡ ᠪᠠᠷ ᠪᠠᠶᠢᠭᠤᠯᠤᠨ ᠥᠭᠡᠷᠡᠴᠢᠯᠡᠵᠦ ᠳᠡᠭᠡᠭᠰᠢᠯᠡᠭᠦᠯᠦᠨ᠂ 900 ᠲᠠᠷᠠᠬᠠᠢ ᠭᠡᠯᠪᠡᠷᠢ ᠶᠢᠨ ᠤᠰᠤ ᠬᠠᠩᠭᠠᠬᠤ | ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠲᠣᠣᠷ ᠢ ᠪᠠᠬᠢᠵᠢᠭᠦᠯᠦᠨ | ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠪᠠ | ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 1000 ᠺᠢᠯᠣᠮᠧᠲᠷ ᠵᠠᠰᠠᠮᠠᠯ ᠵᠠᠮ ᠢ | ᠥᠭᠡᠷᠡᠴᠢᠯᠡᠨ ᠵᠠᠰᠠᠵᠤ᠂ 150 ᠵᠠᠰᠠᠮᠠᠯ ᠵᠠᠮ ᠠᠶᠤᠯᠲᠤ ᠬᠥᠭᠦᠷᠭᠡ ᠶᠢ ᠥᠭᠡᠷᠡᠴᠢᠯᠡᠨ ᠵᠠᠰᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠭᠦ ᠢᠨᠵᠧᠨᠧᠷᠢᠩ ᠢ | ᠬᠡᠷᠡᠭᠵᠢᠭᠦᠯᠵᠦ᠂ 3419 ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠨ᠎ᠠ᠃ ᠬᠤᠲᠠ ᠶᠢᠨ | ᠶᠠᠪᠤᠳᠠᠯ ᠤᠨ ᠤᠰᠤ ᠬᠠᠩᠭᠠᠬᠤ ᠢᠯᠴᠢ ᠬᠠᠩᠭᠠᠬᠤ ᠬᠤᠭᠤᠯᠠᠢ ᠲᠣᠣᠷ ᠢ ᠬᠤᠲᠠ ᠶᠢᠨ ᠲᠡᠭᠦᠷᠭᠡ ᠶᠢᠨ ᠬᠥᠳᠡᠭᠡ | ᠲᠣᠰᠬᠤᠨ ᠵᠢᠴᠢ ᠬᠡᠪᠴᠢᠶ᠎ᠡ ᠪᠠᠷ ᠨᠡᠯᠢᠶᠡᠳ ᠶᠡᠭᠡ ᠰᠢᠶᠠᠩ ᠪᠠᠯᠭᠠᠰᠤ ᠲᠡᠶᠢᠰᠢ ᠤᠷᠲᠤᠳᠬᠠᠬᠤ ᠶᠢ ᠠᠬᠢᠭᠤᠯᠵᠤ᠂ | ︽ᠨᠡᠭᠦᠷᠡᠰᠦ ᠶᠢ ᠴᠠᠭᠢᠯᠭᠠᠨ ᠪᠣᠯᠭᠠᠨ ᠥᠭᠡᠷᠡᠴᠢᠯᠡᠬᠦ︾ ᠵᠡᠷᠭᠡ ᠴᠡᠪᠡᠷ ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ | ᠬᠡᠷᠡᠭᠵᠢᠭᠦᠯᠦᠨ᠎ᠡ᠃ 5G ᠰᠦᠯᠵᠢᠶ᠎ᠡ ᠪᠠ ᠺᠢᠯᠤ᠋ ᠮᠧᠭ᠎ᠠ ᠭᠡᠷᠡᠯᠴᠢ ᠲᠣᠣᠷ ᠢ ᠬᠥᠳᠡᠭᠡ ᠲᠣᠰᠬᠤᠨ ᠲᠡᠶᠢᠰᠢ | ᠤᠷᠲᠤᠳᠬᠠᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠣᠶᠤᠨᠲᠤ ᠷᠠᠳᠢᠣ᠋ ᠲᠧᠯᠸᠢᠰ ᠢᠶᠠᠷ ᠬᠢᠯᠢ ᠬᠢᠵᠠᠭᠠᠷ ᠢ | ᠪᠠᠬᠢᠵᠢᠭᠦᠯᠬᠦ ᠢᠨᠵᠧᠨᠧᠷᠢᠩ ᠢ ᠭᠦᠨᠵᠡᠭᠡᠶᠢᠷᠡᠭᠦᠯᠦᠨ᠎ᠡ᠃ ᠲᠣᠭᠠᠴᠢᠯᠠᠭᠰᠠᠨ ᠲᠠᠷᠢᠶᠠᠯᠠᠩ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠵᠤ᠂ ᠣᠶᠤᠨᠴᠢ ᠮᠠᠯ ᠠᠵᠤ ᠠᠬᠤᠢ | ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠣᠭᠠᠴᠢᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠨᠢᠭᠡ︶ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠴᠢᠬᠤᠯᠠ | ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠠᠯᠪᠠᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠬᠥᠭᠵᠢᠭᠦᠯᠦᠨ ᠳᠡᠭᠡᠭᠰᠢᠯᠡᠭᠦᠯᠭᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠢᠶᠠᠨ ᠤ ᠬᠡᠪᠴᠢᠶᠡᠨ ᠤ ᠨᠢᠭᠡ ᠪᠦᠯᠦᠭ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠰᠢᠯᠢᠨ ᠰᠣᠩᠭᠤᠵᠤ ᠪᠣᠶᠢᠵᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠳᠣᠲᠣᠷᠠᠬᠢ ᠠᠵᠢᠯ ᠡᠷᠭᠢᠯᠡᠭᠦ ︵ᠲᠤᠰᠠᠯᠠᠬᠤ︶ ᠶᠡᠭᠡ ᠡᠮᠴᠢ ᠶᠢᠨ | ᠬᠢᠷᠢ ᠭᠡᠮ ᠲᠠᠢ ᠬᠥᠮᠥᠰ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠶᠢᠨ | ᠨᠥᠬᠦᠴᠡᠯ ᠢ ᠰᠠᠶᠢᠵᠢᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠭᠦᠳᠡᠨ ᠡᠮᠨᠡᠯᠭᠡ ᠵᠢᠴᠢ ᠡᠮᠨᠡᠯᠭᠡ ᠳᠤ ᠰᠠᠭᠤᠵᠤ | ᠲᠣᠭᠠᠴᠠᠭ᠎ᠠ ᠬᠢᠬᠦ ᠠᠷᠭ᠎ᠠ ᠭᠡᠯᠪᠡᠷᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠦᠪᠡᠭᠴᠢᠯᠡᠵᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠵᠦᠢ ᠵᠣᠬᠢᠰᠲᠠᠢ ᠬᠡᠲᠦᠷᠡᠭᠰᠡᠨ | ᠵᠠᠷᠤᠯᠭ᠎ᠠ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ᠂ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠤᠨ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠣᠬᠤ ᠠᠵᠢᠯ ᠢ ᠠᠬᠢᠭᠤᠯᠵᠤ᠂ | ᠨᠥᠬᠦᠴᠡᠯ ᠳᠤ ᠨᠡᠶᠢᠴᠡᠬᠦ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠨᠡᠯᠭᠡ ᠶᠢᠨ ᠳᠠᠭᠠᠳᠬᠠᠯ ᠤᠨ | ᠴᠡᠭ ᠲᠣᠭᠲᠠᠭᠠᠨ ᠬᠠᠮᠢᠶᠠᠷᠬᠤ ᠳᠤ ᠠᠯᠬᠤᠮ ᠠᠯᠬᠤᠮ ᠢᠶᠠᠷ ᠣᠷᠣᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ 170 ᠰᠤᠮᠤ ᠰᠢᠶᠠᠩ ᠪᠠᠯᠭᠠᠰᠤ ᠶᠢᠨ ᠣᠷᠣᠨ | ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 1500 ᠲᠣᠰᠬᠤᠨ ᠤ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ 200 ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠢ | ᠥᠷᠭᠡᠳᠬᠡᠨ ᠳᠡᠭᠡᠭᠰᠢᠯᠡᠭᠦᠯᠦᠨ᠎ᠡ᠃ ᠣᠨᠴᠠ ᠬᠦᠴᠢᠷᠳᠡᠯᠲᠡᠢ ᠨᠠᠰᠤᠲᠠᠶᠢᠴᠤᠳ ᠢ ᠡᠷᠭᠢᠨ ᠦᠵᠡᠵᠦ ᠬᠠᠯᠠᠮᠵᠢᠯᠠᠨ | ᠬᠠᠶᠢᠷᠠᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ | ᠠᠵᠢᠯᠯᠠᠭ᠎ᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ | ᠪᠣᠯᠪᠠᠰᠤᠷᠠᠯ ᠪᠠ ᠰᠠᠭᠠᠳ ᠦᠭᠡᠢ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ | ᠲᠣᠰᠬᠤᠨ ᠤ ᠨᠡᠷᠡᠲᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢᠨ ᠰᠣᠶᠣᠯ ᠢ | ᠠᠭᠤᠳᠠᠯᠤᠨ ᠬᠠᠮᠠᠭᠠᠯᠠᠨ᠎ᠠ᠃ ᠠᠮᠤ ᠪᠤᠳᠠᠭᠠᠨ ᠤ ᠤᠨᠠᠯᠲᠠ ᠶᠡᠬᠡᠲᠡᠢ ᠰᠢᠶᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ᠂ ᠡᠮ ᠡᠮᠨᠡᠯᠭᠡ | ᠡᠷᠡᠭᠦᠯ ᠬᠠᠮᠠᠭᠠᠯᠠᠯ᠂ ︽ᠨᠠᠰᠤᠲᠠᠶᠢᠴᠤᠳ ᠪᠠᠭᠠᠴᠤᠳ︾ ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠳᠤᠲᠠᠭᠤᠳᠠᠯ | ᠪᠠ ᠪᠠᠭᠤᠷᠠᠢ ᠲᠠᠯ᠎ᠠ ᠶᠢ ᠨᠥᠬᠦᠪᠦᠷᠢᠯᠡᠨ᠎ᠡ᠃ | ︵ᠬᠤᠷᠢᠨ ᠬᠤᠶᠠᠷ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ | ᠳᠠᠭᠠᠭᠠᠬᠤ ᠴᠢᠳᠠᠪᠤᠷᠢ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ ᠬᠥᠳᠡᠭᠡ ᠲᠣᠰᠬᠤᠨ ᠤ | ᠴᠢᠳᠠᠮᠵᠢ ᠶᠢ ᠵᠣᠯᠭᠠᠭᠤᠯᠵᠤ ᠬᠠᠷᠢᠯᠴᠠᠨ ᠨᠥᠬᠦᠪᠦᠷᠢᠯᠡᠬᠦ᠂ ᠡᠬᠢ ᠪᠠᠶᠠᠯᠢᠭ ᠤᠨ ᠬᠦᠴᠦᠨ ᠵᠦᠢᠯ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠤᠨ᠎ᠠ᠃ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠠᠵᠢᠯᠯᠠᠭᠠᠨ ᠤ ᠲᠣᠭᠲᠠᠴᠠ ᠶᠢ | ᠪᠦᠷᠢᠨᠰᠢᠭᠦᠯᠵᠦ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠢᠭᠲᠠ ᠭᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠬᠢᠨᠠᠨ ᠬᠡᠮᠵᠢᠵᠦ ᠦᠨᠡᠯᠡᠬᠦ ᠶᠢ ᠦᠷᠭᠦᠯᠵᠢᠯᠡᠨ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠬᠥᠯᠥᠰᠦᠨ | ᠮᠠᠯᠴᠢᠨ ᠲᠠᠷᠢᠶᠠᠴᠢᠳ ᠢ ᠬᠤᠲᠠ ᠶᠢᠨ ᠠᠷᠠᠳ ᠪᠤᠯᠭᠠᠬᠤ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠬᠥᠯᠥᠰᠦᠨ ᠮᠠᠯᠴᠢᠨ ᠲᠠᠷᠢᠶᠠᠴᠢᠨ ᠵᠡᠷᠭᠡ ᠬᠥᠮᠥᠰ ᠤᠨ ᠳᠠᠭᠠᠳᠬᠠᠯ ᠳᠤ ᠣᠷᠤᠯᠴᠠᠬᠤ | ᠬᠡᠪᠴᠢᠶ᠎ᠡ ᠶᠢ ᠥᠷᠭᠡᠳᠬᠡᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠣᠨᠤᠴᠠᠵᠢᠬᠰᠠᠨ ᠲᠦᠪᠰᠢᠨ ᠢ | ᠳᠡᠭᠡᠭᠰᠢᠯᠡᠭᠦᠯᠵᠦ᠂ ᠣᠯᠠᠨ ᠲᠦᠮᠡᠨ ᠲᠠᠢ ᠨᠢᠭᠲᠠ ᠬᠤᠯᠪᠤᠭ᠎ᠠ ᠲᠠᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ | ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠭᠠᠴᠠᠭ᠎ᠠ ᠲᠣᠰᠬᠤᠨ ᠳᠤ ᠪᠠᠭᠤᠯᠭᠠᠨ᠎ᠠ᠃ | ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠲᠣᠭᠲᠠᠪᠤᠷᠢᠲᠠᠢ ᠠᠵᠢᠯ ᠣᠯᠣᠭᠰᠠᠨ ᠭᠠᠳᠠᠷ ᠣᠷᠣᠨ ᠠᠴᠠ ᠢᠷᠡᠵᠦ | ᠬᠥᠯᠥᠰᠦᠨ ᠠᠵᠢᠯ ᠬᠢᠭᠰᠡᠳ ᠲᠤ ᠭᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠨ᠎ᠡ᠃ | ᠵᠢᠷᠭᠤᠭ᠎ᠠ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠦᠨ᠎ᠡ | ︵ᠬᠤᠷᠢᠨ ᠭᠤᠷᠪᠠ︶ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ | ᠪᠠᠷᠢᠮᠲᠠᠯᠠᠵᠤ᠂ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ ᠲᠣᠰᠬᠤᠨ ᠢ | ᠠᠬᠢᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤ ᠬᠤᠯᠪᠤᠭᠠᠯᠠᠨ | ᠬᠥᠳᠡᠯᠦᠯᠴᠡᠵᠦ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠬᠤᠴᠤᠷᠤᠩᠭᠤᠢ ᠲᠣᠭᠲᠠᠴᠠ ᠶᠢ ᠴᠡᠭᠴᠡᠯᠡᠬᠦ ᠶᠢ | ᠪᠦᠷᠢᠨᠰᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ | ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨ ᠬᠦ ᠴᠢᠩᠭᠠᠷᠠᠭᠤᠯᠤᠨ᠎ᠠ᠃ ︽ᠮᠢᠩᠭᠠᠨ ᠲᠤᠰᠬᠤᠨ ᠢᠶᠠᠷ ᠵᠢᠱᠢᠶ᠎ᠡ | ᠦᠵᠡᠭᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠬᠦ ᠶᠢᠨ ᠲᠣᠭᠤᠷᠢᠨ ᠳᠤ᠂ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ ᠢ ᠪᠦᠭᠦᠨ ᠢ | ᠬᠠᠮᠤᠷᠬᠤ ᠪᠣᠯᠪᠠᠰᠤᠷᠠᠯ ᠪᠠ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠢ ᠨᠠᠮ ᠤᠨ ᠰᠤᠷᠭᠠᠭᠤᠯᠢ ᠳᠤ | ᠣᠷᠣᠭᠤᠯᠵᠤ ᠲᠥᠪᠯᠡᠷᠡᠭᠦᠯᠦᠨ ᠡᠭᠡᠯᠵᠢᠯᠡᠨ ᠪᠤᠯᠪᠠᠰᠤᠷᠠᠭᠤᠯᠬᠤ ᠶᠢ ᠥᠷᠨᠢᠭᠦᠯᠦᠨ᠎ᠡ᠃ ᠲᠣᠰᠬᠤᠨ ᠤ ᠱᠠᠲᠤᠨ ᠤ ᠬᠡᠷᠡᠭ | ᠵᠥᠪᠳᠡᠯᠴᠡᠬᠦ ᠭᠠᠷᠴᠠᠭ ᠲᠣᠭᠲᠠᠭᠠᠵᠤ᠂ ᠬᠡᠷᠡᠭ ᠵᠥᠪᠳᠡᠯᠴᠡᠬᠦ ᠲᠠᠪᠴᠠᠩ ᠢ ᠪᠦᠷᠢᠨᠰᠢᠭᠦᠯᠦᠨ᠎ᠡ᠃ ︽ᠥᠷᠢᠰᠦᠯᠳᠦᠨ | ᠮᠥᠷᠥᠶᠢᠴᠡᠵᠦ ᠤᠳᠤᠨ ᠪᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠭᠠᠴᠠᠭ᠎ᠠ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠪᠣᠶᠢᠵᠢᠭᠤᠯᠤᠨ ᠨᠥᠭᠡᠴᠡᠯᠡᠬᠦ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠦᠨ᠎ᠡ᠃ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ | ᠠᠩᠭᠢ ᠶᠢᠨ ᠭᠡᠰᠢᠭᠦᠳ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ | ᠡᠳᠦᠷ ᠲᠤᠲᠤᠮ ᠤᠨ ᠬᠠᠮᠢᠶᠠᠷᠤᠯᠲᠠ᠂ ᠪᠣᠯᠪᠠᠰᠤᠷᠠᠭᠤᠯᠤᠨ ᠵᠢᠯᠤᠭᠤᠳᠬᠤ᠂ ᠬᠠᠯᠠᠮᠵᠢᠯᠠᠨ ᠬᠠᠶᠢᠷᠠᠯᠠᠬᠤ ᠶᠢ | ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ | ᠲᠣᠣᠷᠵᠢᠭᠤᠯᠤᠬᠰᠠᠨ ᠵᠠᠰᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠢᠴᠢᠯ ᠵᠠᠰᠠᠯᠲᠠ᠂ ᠬᠤᠪᠢ ᠬᠤᠷᠠᠮᠳᠤᠭᠤᠯᠬᠤ | ᠳᠦᠷᠢᠮ ᠵᠡᠷᠭᠡ ᠵᠠᠰᠠᠯᠲᠠ ᠶᠢᠨ ᠠᠷᠭ᠎ᠠ ᠭᠡᠯᠪᠡᠷᠢ ᠶᠢ ᠶᠡᠭᠡ ᠪᠠᠷ ᠳᠡᠯᠭᠡᠷᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠬᠤ | ᠪᠠᠶᠢᠭᠤᠯᠤᠮᠵᠢ ᠶᠢᠨ ᠠᠵᠢᠯᠲᠠᠨ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠣᠷᠣᠭᠤᠯᠤᠨ ᠨᠢᠭᠡᠳᠦᠯᠲᠡᠢ | ᠵᠢᠯᠤᠭᠤᠳᠴᠤ ᠵᠣᠬᠢᠴᠠᠭᠤᠯᠤᠨ᠎ᠠ᠃ ︽ᠵᠡᠭᠡᠯᠢ ᠰᠢᠶᠠᠩ ᠢᠶᠠᠷ ᠳᠠᠭᠠᠭᠤᠯᠤᠭᠴᠢ ᠪᠤᠯᠭᠠᠵᠤ᠂ ᠰᠠᠯᠠᠭ᠎ᠠ ᠮᠥᠴᠢᠷ ᠴᠠᠭ | ᠲᠤᠬᠠᠢ ᠳᠤᠨᠢ ᠣᠷᠤᠯᠴᠠᠬᠤ︾ ᠵᠡᠷᠭᠡ ᠪᠦᠲᠦᠮᠵᠢᠲᠡᠶ ᠠᠷᠭ᠎ᠠ ᠬᠢᠳᠡᠯ ᠢ ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ︽ᠶᠡᠭᠡ | ᠲᠡᠷᠭᠡᠨ ᠳᠤ ᠤᠨᠠᠭ᠎ᠠ ᠬᠥᠯᠬᠦ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠎ᠠ᠃ ᠡᠬᠢ ᠡᠭᠦᠰᠦᠯ ᠠᠴᠠ ᠨᠢ ᠵᠠᠰᠠᠬᠤ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ | ᠥᠷᠭᠡᠳᠬᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠨᠤᠭᠤᠳ ᠡᠩ ᠤᠨ ᠪᠠᠶᠢᠳᠠᠯ ᠳᠤ | ᠰᠤᠮᠤ ᠰᠢᠶᠠᠩ ᠪᠠᠯᠭᠠᠰᠤ ᠠᠴᠠ ᠠᠵᠢᠯᠲᠠᠨ ᠵᠢᠭᠡᠯᠡᠨ ᠰᠢᠯᠵᠢᠭᠦᠯᠵᠦ ᠪᠤᠯᠬᠤ ᠦᠭᠡᠢ᠃ | ︵ᠬᠤᠷᠢᠨ ᠳᠥᠷᠪᠡ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ︽ᠵᠢᠷᠭᠤᠭᠠᠨ ᠥᠭᠦᠯᠡᠪᠦᠷᠢ ᠳᠠᠬᠢ ᠪᠣᠳᠠᠲᠤ ᠶᠠᠪᠤᠳᠠᠯ ᠪᠠ ᠶᠣᠰᠣ | ᠤᠴᠢᠷ︾ ᠢ ᠶᠡᠭᠡ ᠪᠠᠷ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠠᠨᠠᠷ ᠤᠨ | ᠦᠷ᠎ᠡ ᠰᠢᠭ ᠨᠢᠭᠲᠠᠷᠠᠨ ᠪᠦᠯᠬᠦᠮᠳᠡᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ᠂ ᠴᠢᠨᠠᠷ ᠰᠠᠶᠢᠲᠠᠢ ᠰᠣᠶᠣᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ | ᠤᠷᠲᠤᠳᠬᠠᠬᠤ ᠶᠢ ᠠᠬᠢᠭᠤᠯᠤᠨ᠎ᠠ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ | ᠥᠷᠨᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ | ᠴᠢᠩᠭᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ | ᠳᠡᠯᠭᠡᠷᠡᠭᠦᠯᠦᠨ ᠬᠡᠷᠡᠭᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠣᠨᠴᠠᠯᠢᠭᠲᠤ ᠲᠣᠰᠬᠤᠨ ᠪᠠᠯᠭᠠᠰᠤ᠂ ᠣᠨᠴᠠᠯᠢᠭᠲᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠦᠨ᠎ᠡ᠃ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠯᠠᠭᠠᠨᠮᠥ᠋ᠴᠢᠷ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠬᠥᠳᠡᠭᠡ ᠲᠣᠰᠬᠤᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠢ ᠴᠢᠩᠭᠠᠳᠬᠠᠨ᠎ᠠ᠃ | ︵ᠬᠤᠷᠢᠨ ᠲᠠᠪᠤ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠤᠨ | ᠳᠡᠯᠭᠡᠷᠡᠭᠦᠯᠵᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠬᠤᠷᠢᠮ | ᠨᠠᠶᠢᠷ ᠢ ᠰᠢᠨ᠎ᠡ ᠮᠠᠶ᠋ᠢᠭ ᠢᠶᠠᠷ ᠡᠷᠭᠢᠯᠡᠭᠦ᠂ ᠣᠷᠣᠰᠢᠭᠤᠯᠭ᠎ᠠ ᠶᠢ ᠳᠥᠭᠦᠮᠴᠢᠯᠡᠬᠦ᠂ ᠨᠠᠰᠤᠲᠠᠨ ᠢᠶᠠᠨ ᠠᠴᠢᠯᠠᠵᠤ ᠲᠥᠷᠥᠯ | ᠰᠠᠳᠤᠨ ᠢᠶᠠᠨ ᠬᠦᠨᠳᠦᠯᠡᠬᠦ᠂ ᠦᠨᠡᠨᠴᠢ ᠢᠲᠡᠭᠡᠮᠵᠢᠲᠡᠢ ᠡᠶ᠎ᠡ ᠨᠠᠶᠢᠷᠲᠠᠢ ᠪᠠᠶᠢᠬᠤ ᠵᠡᠷᠭᠡ ᠪᠣᠯᠪᠠᠰᠤᠨ ᠰᠢᠨ᠎ᠡ ᠰᠤᠷᠲᠠᠯ ᠢ | ᠶᠡᠭᠡ ᠪᠠᠷ ᠪᠠᠳᠠᠷᠠᠭᠤᠯᠵᠤ᠂ ᠡᠯ᠎ᠡ ᠭᠠᠵᠠᠷ ᠤᠨ ᠬᠢᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ | ᠦᠢᠯᠡᠴᠢᠯᠡᠭᠡᠨ ᠤ ᠲᠠᠯᠠᠪᠤᠷ ᠭᠠᠵᠠᠷ ᠢ ᠠᠰᠢᠭᠯᠠᠨ᠂ ᠮᠠᠯᠴᠢᠨ ᠲᠠᠷᠢᠶᠠᠴᠢᠨ ᠤ ᠬᠤᠷᠢᠮ ᠪᠡᠯᠪᠡᠰᠦᠷᠡᠯ ᠵᠡᠷᠭᠡ ᠳᠤ | ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠶᠢᠭᠡᠮ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠨᠠᠶᠢᠷ ᠲᠠᠯ᠎ᠠ | ᠶᠣᠰᠣ ᠵᠠᠩᠰᠢᠯ ᠤᠨ ᠳᠠᠷᠤᠭᠠᠰᠤ ᠶᠢ ᠨᠢ ᠬᠥᠩᠭᠡᠷᠡᠭᠦᠯᠦᠨ᠎ᠡ᠃ ︽ᠨᠢᠭᠡ ᠭᠡᠷ᠎ᠡ ᠳᠥᠷᠪᠡᠨ ᠵᠥᠪᠯᠡᠯ︾ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠤᠷᠢᠮ ᠪᠡᠯᠪᠡᠰᠦᠷᠡᠯ ᠤᠨ ᠵᠠᠩ ᠦᠶᠯᠡ ᠶᠢᠨ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ | ᠰᠠᠨᠠᠭᠠᠴᠢᠯᠠᠬᠤ ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ | ︵ᠬᠤᠷᠢᠨ ᠵᠢᠷᠭᠤᠭ᠎ᠠ︶ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠵᠥᠷᠢᠴᠡᠯ ᠵᠠᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠵᠠᠬᠢᠳᠠᠯ | ᠰᠤᠷᠪᠤᠯᠵᠢᠯᠠᠯ ᠢ ᠣᠷᠣᠯᠠᠨ ᠰᠢᠢᠳᠪᠦᠷᠢᠯᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ | ︽ᠲᠣᠰᠬᠤᠨ ᠤ ᠡᠵᠡᠷᠬᠡᠭᠴᠢ︾᠂ ᠣᠪᠣᠭ ᠲᠥᠷᠥᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ | ︽ᠬᠠᠮᠠᠭᠠᠯᠠᠭᠴᠢ︾ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠵᠣᠭᠤᠰ ᠨᠠᠭᠠᠳᠬᠤ᠂ ᠴᠠᠭᠢᠯᠭᠠᠨ ᠬᠤᠯᠪᠤᠭ᠎ᠠ | ᠰᠦᠯᠵᠢᠶᠡᠨ ᠤ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠭᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ | ᠰᠡᠷᠭᠡᠶᠢᠯᠡᠬᠦ ᠭᠠᠯ ᠤᠨᠲᠠᠷᠠᠭᠠᠬᠤ᠂ ᠵᠢᠭᠠᠰᠤᠨ ᠣᠩᠭᠤᠴᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ | ᠲᠦᠪᠰᠢᠨ ᠤ ᠭᠡᠮ ᠰᠣᠭᠤᠭ ᠢ ᠵᠠᠰᠠᠬᠤ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠵᠦ᠂ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠬᠦ ᠲᠣᠰᠬᠤᠨ ᠤ ᠠᠷᠠᠳ ᠤᠨ ᠭᠡᠷ | ᠪᠠᠶᠢᠰᠢᠩ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠴᠡᠭᠴᠡᠯᠡᠨ ᠵᠠᠰᠠᠬᠤ ᠶᠢ ᠴᠢᠩᠭᠠᠳᠬᠠᠨ᠂ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠪᠣᠯᠣᠨ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ ᠬᠠᠤᠯᠢᠵᠢᠯ ᠤᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠭᠦ | ᠡᠷᠦᠭᠡ ᠶᠢ ᠶᠡᠭᠡ ᠪᠠᠷ ᠰᠣᠩᠭᠤᠨ ᠪᠤᠶ ᠪᠣᠯᠭᠠᠨ᠎ᠠ᠃ | ᠳᠣᠯᠤᠭ᠎ᠠ᠂ ᠨᠠᠮ ᠤᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ | ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ︵ᠬᠤᠷᠢᠨ ᠳᠣᠯᠤᠭ᠎ᠠ︶ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠤᠳᠤᠷᠢᠳᠬᠤ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠦᠨ᠎ᠡ᠃ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠠᠳᠬᠤᠬᠤ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠦᠵᠡᠯ ᠰᠠᠨᠠᠭᠠᠨ ᠤ ᠠᠤᠭ᠎ᠠ ᠬᠦᠴᠦᠨ ᠢ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ | ᠲᠠᠰᠤᠷᠠᠯᠲᠠ ᠦᠭᠡᠢ ᠣᠨᠳᠣᠣᠰᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠣᠳᠠᠲᠠᠢ ᠠᠵᠢᠯᠯᠠᠬᠤ ᠠᠷᠭ᠎ᠠ | ᠪᠠᠷᠢᠯ ᠪᠣᠯᠭᠠᠨ ᠣᠨᠳᠣᠣᠰᠢᠭᠤᠯᠤᠨᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ | ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠮᠠᠯ ᠠᠵᠤ ᠠᠬᠤᠢ ᠲᠠᠷᠢᠶᠠᠯᠠᠩ ᠤᠨ | ᠬᠦᠷᠢᠶᠡᠨ ᠳᠠᠬᠢ ︽ᠵᠠᠭᠤᠨ ᠠᠰᠠᠭᠤᠳᠠᠯ᠂ ᠵᠠᠭᠤᠨ ᠠᠷᠭ᠎ᠠ ᠬᠡᠮᠵᠢᠶ᠎ᠡ᠂ ᠵᠠᠭᠤᠨ ᠬᠡᠷᠡᠭ ᠤᠨ ᠵᠢᠱᠢᠶ᠎ᠡ︾ ᠶᠢ ᠡᠮᠬᠢᠯᠡᠨ | ᠪᠦᠷᠢᠯᠳᠦᠭᠦᠯᠵᠦ᠂ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠨᠠᠮ ᠤᠨ ᠪᠠᠶᠢᠭᠤᠯᠤᠯᠲᠠ ᠶᠢ ᠠᠳᠬᠤᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠠᠶᠢᠮᠠᠭ ᠬᠤᠲᠠ᠂ ᠬᠤᠰᠢᠭᠤ ᠰᠢᠶᠠᠨ᠂ | ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠵᠥᠪᠯᠡᠨ ᠲᠣᠭᠲᠠᠭᠠᠬᠤ ᠶᠢ ᠠᠳᠬᠤᠬᠤ ᠳᠤ ᠵᠠᠪᠠᠯ ᠲᠣᠭᠠᠴᠢᠬᠤ | ᠵᠠᠪᠠᠯ ᠰᠢᠯᠭᠠᠬᠤ ᠠᠭᠤᠯᠭ᠎ᠠ ᠪᠤᠯᠭᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠤᠭᠰᠠᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠥᠯᠢᠭᠡᠷ ᠢ ᠰᠠᠶᠢᠲᠤᠷ ᠶᠠᠷᠢᠨ᠎ᠠ᠃ | ︵ᠬᠤᠷᠢᠨ ᠨᠠᠢᠮᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠯᠠᠨ ᠡᠰᠢᠵᠢᠭᠰᠡᠨ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠢ ᠡᠩ ᠤᠨ ᠣᠯᠠᠨ ᠨᠡᠶᠢᠲᠡ ᠶᠢᠨ ᠲᠥᠰᠥᠪ ᠤᠨ ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠤᠯᠭᠠᠬᠤ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠪᠡᠯᠡ ᠬᠤᠷᠠᠮᠳᠤᠭᠤᠯᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠠᠯᠲᠠ ᠡᠭᠦᠷᠭᠡ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠨ᠎ᠠ᠃ ᠪᠦᠭᠦ ᠣᠷᠣᠨ ᠤ | ᠭᠠᠵᠠᠷ ᠰᠢᠷᠣᠢ ᠶᠢ ᠬᠢᠮᠳᠠ ᠪᠠᠷ ᠬᠤᠳᠠᠯᠳᠤᠭᠰᠠᠨ ᠣᠷᠣᠯᠭ᠎ᠠ ᠶᠢᠨ ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ ᠶᠡᠷᠦᠩᠬᠡᠢ ᠳᠡᠭᠡᠨ 9% ᠳᠤ ᠬᠦᠷᠦᠭᠦᠯᠦᠨ᠎ᠡ᠃ ᠬᠥᠬᠡ ᠳᠠᠷᠤᠰᠢ ᠶᠢᠨ | ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠳᠠᠭᠠᠭᠠᠴᠢᠯᠠᠭᠰᠠᠨ ᠭᠠᠵᠠᠷ ᠰᠢᠷᠣᠢ ︵ᠬᠠᠳᠤᠯᠠᠩ ᠪᠡᠯᠴᠢᠭᠡᠷ︶ ᠶᠢᠨ ᠡᠵᠡᠩᠨᠡᠬᠦ ᠡᠷᠬᠡ᠂ ᠮᠠᠯ ᠠᠵᠤ ᠠᠬᠤᠢ | ᠲᠠᠷᠢᠶᠠᠯᠠᠩ ᠤᠨ ᠲᠥᠬᠦᠭᠡᠷᠦᠮᠵᠢ᠂ ᠠᠮᠢᠳᠤ ᠮᠠᠯ ᠵᠡᠷᠭᠡ ᠶᠢ ᠪᠠᠷᠢᠴᠠᠭᠠᠯᠠᠨ ᠳᠠᠨᠵᠢᠯᠠᠬᠤ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠢ ᠳᠡᠯᠭᠡᠷᠡᠭᠦᠯᠦᠨ᠎ᠡ᠃ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢᠨ ᠵᠠᠭᠪᠤᠷ ᠢ | ᠳᠡᠯᠭᠡᠷᠡᠭᠦᠯᠵᠦ᠂ ᠭᠠᠴᠠᠭ᠎ᠠ ᠲᠣᠰᠬᠤᠨ ᠳᠤ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠲᠣᠮᠣ ᠳᠤᠮᠳᠠ | ᠭᠡᠯᠪᠡᠷᠢ ᠶᠢᠨ ᠪᠠᠩᠬᠢ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ | ᠵᠢᠭᠡᠯᠡᠯᠭᠡ ᠶᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢᠨ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠠᠬᠢᠭᠤᠯᠵᠤ᠂ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ | ᠳᠡᠮᠵᠢᠬᠦ ᠡᠷᠴᠢᠮ ᠢ ᠴᠢᠩᠭᠠᠷᠠᠭᠤᠯᠬᠤ ᠶᠢ ᠬᠥᠲᠥᠯᠥᠨ ᠵᠢᠯᠣᠭᠤᠳᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶ᠎ᠠ ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠮᠠᠯ ᠠᠵᠤ ᠠᠬᠤᠢ ᠶᠢᠨ ᠡᠭᠦᠯᠡᠨ | ᠲᠠᠪᠴᠠᠩ ᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠤ ᠣᠷᠣᠯᠭ᠎ᠠ ᠶᠢᠨ | ᠳᠠᠭᠠᠳᠬᠠᠯ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠵᠡᠷᠭᠡ ᠰᠢᠨ᠎ᠡ ᠭᠡᠯᠪᠡᠷᠢ ᠶᠢᠨ ᠳᠠᠭᠠᠳᠬᠠᠯ ᠤᠨ ᠵᠦᠢᠯ ᠢ | ᠰᠦᠪᠡᠭᠴᠢᠯᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠪᠦᠲᠦᠭᠡᠨ ᠪᠠᠶᠢᠭᠤᠯᠬᠤ | ᠬᠠᠮᠢᠶᠠᠷᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ ᠵᠠᠭᠪᠤᠷ ᠢ ᠳᠡᠯᠭᠡᠷᠡᠭᠦᠯᠦᠨ᠎ᠡ᠃ ᠲᠠᠷᠢᠶᠠᠯᠠᠩ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠢᠲᠡᠭᠡᠮᠵᠢᠲᠦ ᠡᠷᠦᠭᠡ᠂ | ᠢᠲᠡᠭᠡᠮᠵᠢᠲᠦ ᠭᠠᠴᠠᠭ᠎ᠠ ᠲᠣᠰᠬᠤᠨ᠂ ᠢᠲᠡᠭᠡᠮᠵᠢᠲᠦ ᠰᠤᠮᠤ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠶᠢ | ᠦᠷᠭᠦᠯᠵᠢᠯᠡᠨ ᠥᠷᠨᠢᠭᠦᠯᠦᠨ᠎ᠡ᠃ ᠤᠯᠤᠰ ᠤᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠣᠲᠣ ᠦᠶ᠎ᠡ ᠶᠢᠨ ᠲᠥᠬᠦᠭᠡᠷᠦᠮᠵᠢᠲᠦ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠭᠡᠯᠡᠯᠭᠡ ᠳᠤ ᠡᠳ᠋ ᠤᠨ | ᠵᠠᠰᠠᠭ ᠤᠨ ᠳᠠᠮ ᠬᠦᠦ ᠶᠢᠨ ᠦᠢᠯᠡᠴᠢᠯᠡᠭᠡ ᠬᠠᠩᠭᠠᠵᠤ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ᠂ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶ᠎ᠡ ᠴᠠᠷᠠᠭ᠎ᠠ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠬᠥᠲᠥᠯᠥᠨ ᠵᠢᠯᠤᠭᠤᠳᠴᠤ᠂ ᠮᠠᠯ ᠠᠵᠤ ᠠᠬᠤᠢ ᠲᠠᠷᠢᠶᠠᠯᠠᠩ ᠳᠤ | ᠬᠤᠯᠪᠣᠭᠳᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ | ᠬᠦᠷᠲᠡᠭᠡᠬᠦ ᠲᠠᠷᠢᠶᠠᠯᠠᠩ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠪᠦᠭᠦ | ᠴᠤᠪᠤᠷᠠᠯ ᠤᠨ ᠬᠠᠮᠢᠶᠠᠷᠤᠯᠲᠠ ᠶᠢᠨ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠭᠦ ᠳᠦᠷᠢᠮ ᠢ ᠲᠣᠭᠲᠠᠭᠠᠵᠤ᠂ | ᠲᠤᠰᠬᠠᠢ ᠪᠡᠯᠡ ᠮᠥᠩᠭᠦ ᠶᠢᠨ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠨ᠎ᠠ᠃ | ︵ᠬᠤᠷᠢ ᠶᠢᠰᠦ︶ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠳᠠᠭᠢᠭᠠᠳ 30 ᠵᠢᠯ ᠤᠷᠲᠤᠳᠬᠠᠬᠤ ᠤᠯᠤᠰ ᠤᠨ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ 10 | ᠰᠢᠶᠠᠩ ᠪᠠᠯᠭᠠᠰᠤ ᠶᠢ ᠰᠣᠩᠭᠤᠵᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠷᠰᠢᠯᠲᠠ ᠶᠢᠨ ᠠᠵᠢᠯ ᠢ | ᠥᠷᠨᠢᠭᠦᠯᠦᠨ᠎ᠡ᠃ 10 ᠬᠤᠰᠢᠭᠤ ᠰᠢᠶᠠᠨ ᠢ ᠰᠣᠩᠭᠤᠨ ᠰᠢᠨ᠎ᠡ ᠪᠠᠷ ᠨᠡᠮᠡᠭᠳᠡᠭᠦᠯᠦᠭᠰᠡᠨ ᠲᠠᠷᠢᠶᠠᠨ ᠭᠠᠵᠠᠷ ᠢ ᠥᠨᠳᠥᠷ | ᠦᠷ᠎ᠡ ᠪᠦᠲᠦᠮᠵᠢᠲᠡᠶ ᠠᠰᠢᠭᠯᠠᠬᠤ ᠲᠤᠷᠰᠢᠯᠲᠠ ᠶᠢ ᠥᠷᠨᠢᠭᠦᠯᠦᠨ᠎ᠡ᠃ ᠤᠯᠠᠭᠠᠨᠬᠤᠲᠠ ᠶᠢᠨ ᠣᠷᠣᠨ ᠰᠠᠭᠤᠴᠠ ᠶᠢᠨ | ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳᠡᠯᠭᠡᠷᠡᠭᠦᠯᠵᠦ᠂ ᠰᠤᠯᠠ | ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠣᠯᠣᠨ ᠣᠷᠣᠨ ᠰᠠᠭᠤᠴᠠ ᠶᠢᠨ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ | ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠦᠨ᠎ᠡ᠃ | ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ | 50 ᠭᠠᠴᠠᠭ᠎ᠠ ᠲᠣᠰᠬᠤᠨ ᠳᠤ ︽ᠬᠥᠨᠳᠡᠶᠢᠷᠡᠭᠰᠡᠨ ᠲᠣᠰᠬᠤᠨ︾ ᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ | ᠴᠡᠭ ᠢ ᠥᠷᠨᠢᠭᠦᠯᠦᠨ᠎ᠡ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠵᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠦᠢᠯᠡᠴᠢᠯᠡᠭᠡᠨ ᠤ ᠲᠥᠪ | ︵ᠠᠵᠢᠯᠯᠠᠬᠤ ᠴᠡᠭ︶ ᠢ 300 ᠪᠠᠶᠢᠭᠤᠯᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠶᠢ | ︽ᠵᠣᠭᠤᠰ ᠢᠶᠠᠷ ᠲᠦᠷᠢᠶᠡᠰᠦ ᠶᠢ ᠲᠣᠭᠲᠠᠭᠠᠬᠤ︾ ᠠᠴᠠ ︽ᠠᠮᠤ ᠪᠤᠳᠠᠭ᠎ᠠ ︵ᠮᠠᠯ︶ ᠪᠠᠷ ᠲᠦᠷᠢᠶᠡᠰᠦ ᠶᠢ ᠲᠣᠭᠲᠠᠭᠠᠬᠤ︾ | ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ | ᠯᠠᠪᠳᠠᠭᠤᠨ ᠪᠣᠯᠭᠤᠮᠵᠢᠲᠠᠢ ᠪᠠᠷ ᠠᠬᠢᠭᠤᠯᠤᠨ᠎ᠠ᠃ ᠪᠦᠭᠦ ᠣᠷᠣᠨ ᠤ ᠨᠢᠭᠡᠳᠦᠯᠲᠡᠢ ᠬᠠᠮᠲᠤ ᠶᠢᠨ ᠣᠶ ᠶᠢᠨ ᠡᠷᠬᠡ ᠶᠢ | ᠡᠷᠭᠢᠯᠳᠦᠭᠦᠯᠦᠨ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠬᠠᠮᠲᠤ ᠶᠢᠨ ᠣᠶ ᠶᠢᠨ ᠡᠷᠬᠡ ᠶᠢᠨ ᠬᠠᠳᠠᠭᠠᠯᠠᠮᠵᠢ | ᠴᠤᠭᠯᠠᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠲᠠᠷᠢᠶᠠᠯᠠᠩ ᠠᠲᠠᠷ ᠬᠠᠭᠠᠯᠪᠤᠷᠢᠯᠠᠯᠲᠠ ᠶᠢᠨ ᠣᠷᠣᠨ ᠤ | ᠪᠦᠯᠦᠭᠯᠡᠯᠵᠢᠭᠦᠯᠭᠦ᠂ ᠮᠠᠯᠵᠢᠯ ᠲᠠᠷᠢᠶᠠᠯᠠᠩ ᠤᠨ ᠲᠠᠯᠠᠪᠠᠶ ᠶᠢᠨ ᠠᠵᠤ ᠠᠬᠤᠶᠢᠴᠢᠯᠠᠬᠤ ᠥᠭᠡᠷᠡᠴᠢᠯᠡᠯᠲᠡ ᠶᠢ ᠲᠥᠷᠥᠯ | ᠬᠤᠪᠢᠶᠠᠨ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠪᠠᠷ ᠬᠦᠴᠢᠷᠳᠡᠯ ᠠᠴᠠ ᠠᠩᠭᠢᠵᠢᠷᠠᠬᠤ ᠶᠢ ᠠᠬᠢᠭᠤᠯᠤᠨ᠎ᠠ᠃ | ︵ᠭᠤᠴᠢ︶ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ᠂ ᠬᠢᠯᠢ | ᠬᠢᠵᠠᠭᠠᠷ ᠤᠨ ᠬᠤᠰᠢᠭᠤ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠲᠤᠰᠬᠠᠢ ᠲᠠᠯᠠᠪᠤᠷ ᠠᠵᠢᠯᠲᠠᠨ ᠡᠯᠰᠡᠬᠦ | ᠠᠵᠢᠯᠯᠠᠭ᠎ᠠ ᠶᠢ ᠡᠷᠭᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠳᠡᠭᠡ ᠲᠣᠰᠬᠤᠨ ᠳᠤ ᠣᠴᠢᠵᠤ | ᠠᠵᠢᠯ ᠣᠯᠵᠤ ᠦᠢᠯᠡᠰ ᠪᠣᠰᠬᠠᠬᠤ ᠶᠢ ᠬᠥᠲᠥᠯᠥᠨ ᠵᠢᠯᠣᠭᠤᠳᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠨᠢᠭᠡᠳᠦᠭᠡᠷ ᠹᠷᠣᠨᠲ ᠲᠤ ᠮᠡᠷᠭᠡᠵᠢᠯ ᠤᠨ ᠴᠣᠯᠠ ᠶᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠠᠵᠢᠯ ᠢ | ᠬᠡᠷᠡᠭᠵᠢᠭᠦᠯᠦᠨ᠎ᠡ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ 1.5 ᠲᠦᠮᠡᠨ ᠮᠠᠯᠴᠢᠨ ᠲᠠᠷᠢᠶᠠᠴᠢᠨ ᠢ | ᠪᠤᠯᠪᠠᠰᠤᠷᠠᠭᠤᠯᠵᠤ᠂ 780 ᠨᠡᠷ᠎ᠡ ︽ᠲᠦᠷᠦᠭᠦᠴᠢ ᠭᠠᠯᠠᠭᠤ︾ ᠬᠥᠮᠥᠵᠢᠭᠦᠯᠦᠨ᠎ᠡ᠃ ︽ᠵᠠᠭᠤᠨ ᠳᠠᠭᠠᠭᠠᠴᠢᠯᠠᠨ | ᠬᠠᠷᠢᠭᠤᠴᠠᠬᠤ ᠭᠠᠵᠠᠷ ᠵᠠᠭᠤᠨ ᠤᠶᠤᠨ ᠤ ᠬᠥᠮᠥᠷᠭᠡ ᠵᠠᠭᠤᠨ ᠠᠵᠢᠯᠯᠠᠭ᠎ᠠ︾ ᠶᠢ ᠥᠷᠨᠢᠭᠦᠯᠵᠦ᠂ ᠵᠠᠭᠤᠨ ᠨᠡᠷᠡᠰ | ᠮᠠᠯᠴᠢᠨ ᠲᠠᠷᠢᠶᠠᠴᠢᠨ ᠺᠠᠳ᠋ᠷ ᠢ ᠰᠣᠩᠭᠤᠨ ᠲᠣᠮᠢᠯᠠᠵᠤ ᠬᠤᠰᠢᠭᠤ ᠰᠢᠶᠠᠨ ᠢ ᠳᠠᠭᠠᠭᠠᠴᠢᠯᠠᠨ ᠬᠠᠷᠢᠯᠴᠠᠭᠤᠯᠵᠤ᠂ ᠵᠠᠭᠤᠨ | ᠨᠡᠷᠡᠰ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠠᠯ ᠠᠵᠤ ᠠᠬᠤᠢ | ᠲᠠᠷᠢᠶᠠᠯᠠᠩ ᠤᠨ ᠠᠵᠤ ᠠᠬᠤᠶᠢᠯᠠᠯ ᠳᠤ ᠦᠢᠯᠡᠴᠢᠯᠡᠭᠦᠯᠵᠦ᠂ ᠵᠠᠭᠤᠨ ᠲᠠᠯᠠᠪᠠᠢ ᠮᠠᠯ ᠠᠵᠤ ᠠᠬᠤᠢ ᠲᠠᠷᠢᠶᠠᠯᠠᠩ ᠤᠨ | ᠣᠨᠴᠠᠯᠢᠭᠲᠤ ᠠᠵᠢᠯᠯᠠᠭ᠎ᠠ ᠶᠢ ᠥᠷᠨᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠮᠠᠯ ᠠᠵᠤ ᠠᠬᠤᠢ | ᠲᠠᠷᠢᠶᠠᠯᠠᠩ ᠳᠤ ᠬᠤᠯᠪᠣᠭᠳᠠᠬᠤ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠬᠦ ᠶᠢ ᠳᠡᠮᠵᠢᠵᠦ᠂ | ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠲᠥᠪ ᠤᠨ ᠲᠠᠷᠢᠶᠠᠯᠠᠩ ᠤᠨ ᠷᠠᠳᠢᠣ᠋ ᠨᠡᠪᠲᠡᠷᠡᠭᠦᠯᠭᠡ ᠶᠢᠨ ᠰᠤᠷᠭᠠᠭᠤᠯᠢ ᠠᠴᠠ | ᠬᠥᠯᠥᠰᠦᠨ ᠮᠠᠯᠴᠢᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠳᠤ ᠬᠠᠨᠳᠤᠭᠤᠯᠤᠨ ᠠᠵᠢᠯ | ᠮᠡᠷᠭᠡᠵᠢᠯ ᠤᠨ ᠪᠣᠯᠪᠠᠰᠤᠷᠠᠯ ᠥᠷᠨᠢᠭᠦᠯᠬᠦ ᠶᠢ ᠳᠡᠮᠵᠢᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ | ᠰᠢᠶᠠᠨ ᠠᠴᠠ ᠬᠠᠮᠢᠶᠠᠷᠴᠤ ᠰᠢᠶᠠᠩ ᠬᠡᠷᠡᠭᠯᠡᠬᠦ ᠶᠢ ᠬᠡᠷᠡᠭᠵᠢᠭᠦᠯᠵᠦ᠂ ᠰᠢᠶᠠᠩ ᠠᠴᠠ ᠤᠷᠢᠵᠤ ᠲᠣᠰᠬᠤᠨ ᠬᠡᠷᠡᠭᠯᠡᠬᠦ ᠶᠢ | ᠢᠳᠡᠪᠬᠢᠲᠡᠢ ᠠᠬᠢᠭᠤᠯᠵᠤ᠂ ᠣᠶᠤᠲᠠᠨ ᠬᠥᠳᠡᠭᠡ ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ ᠶᠢ | ᠬᠡᠷᠡᠭᠵᠢᠭᠦᠯᠦᠨ᠎ᠡ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠶᠠᠨ ᠤ ᠬᠡᠪᠴᠢᠶᠡᠨ ᠳᠠᠬᠢ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠣᠯᠢᠯᠴᠠᠬᠤ ᠪᠠ ᠠᠵᠢᠯ ᠤᠨ ᠪᠠᠶᠢᠷᠢ | ᠡᠭᠡᠯᠵᠢᠯᠡᠭᠦᠯᠬᠦ ᠶᠢ ᠴᠢᠩᠭᠠᠳᠬᠠᠵᠤ᠂ ᠰᠢᠯᠢᠳᠡᠭ ᠪᠠᠭᠰᠢ ᠶᠢ ᠵᠦᠢ ᠵᠣᠬᠢᠰᠲᠠᠢ ᠲᠡᠩᠴᠡᠭᠦᠷᠢᠲᠡᠢ ᠲᠣᠬᠢᠷᠠᠭᠤᠯᠬᠤ ᠶᠢ | ᠠᠬᠢᠭᠤᠯᠤᠨ᠎ᠠ᠃ ︽ᠲᠠᠷᠢᠶᠠᠯᠠᠩ ᠢ ᠲᠤᠰᠠᠯᠠᠭᠰᠠᠨ ᠠᠷᠪᠠᠨ ᠰᠢᠯᠢᠳᠡᠭ︾ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠵᠢᠵᠢᠭ ᠬᠦᠷᠢᠶᠡᠯᠡᠩ ᠢ ᠵᠣᠬᠢᠶᠠᠨ ᠪᠠᠶᠢᠭᠤᠯᠤᠨ ᠰᠢᠯᠭᠠᠷᠠᠭᠤᠯᠤᠨ ᠰᠣᠩᠭᠤᠵᠤ᠂ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠯ ᠠᠵᠤ ᠠᠬᠤᠢ ᠲᠠᠷᠢᠶᠠᠯᠠᠩ ᠤᠨ | ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠰᠠᠭᠤᠷᠢᠯᠠᠭᠤᠯᠤᠨ ᠰᠤᠳᠤᠯᠤᠯ ᠥᠷᠨᠢᠭᠦᠯᠬᠦ ᠶᠢ ᠬᠥᠲᠥᠯᠥᠨ | ᠵᠢᠯᠣᠭᠤᠳᠤᠨ᠎ᠠ᠃ | ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠺᠠᠳ᠋ᠷ ᠣᠯᠠᠨ | ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ | ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠢᠷ ᠠᠴᠠ | ᠠᠶᠤᠬᠤ ᠦᠭᠡᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠵᠤ᠂ | ᠬᠦᠴᠦᠷᠬᠡᠭ ᠶᠡᠭᠡ ᠡᠵᠡᠨ ᠬᠥᠮᠥᠨ ᠤ ᠵᠣᠷᠢᠭ ᠰᠠᠨᠠᠭ᠎ᠠ ᠪᠠᠷ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ | ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ |