ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/7/23
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 7 ᠰᠠᠷ᠎ᠠ ᠶᠢᠨ 23 ᠤ ᠡᠳᠦᠷ ᠤᠨ 10 ᠴᠠᠭ 00 ᠮᠢᠨᠦ᠋ᠲ ᠲᠤ ᠬᠠᠮᠲᠤᠷᠠᠨ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      ᠴᠠᠭ ᠠᠭᠤᠷ ᠤᠨ ᠲᠣᠪᠴᠢᠶᠠᠨ ᠤ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ 7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠳᠤᠮᠳᠠ ᠬᠡᠰᠡᠭ ᠤᠨ ᠵᠡᠭᠦᠨ ᠪᠡᠶ᠎ᠡ᠂ ᠵᠡᠭᠦᠨ ᠬᠡᠰᠡᠭ ᠤᠨ ᠬᠡᠰᠡᠭ ᠭᠠᠵᠠᠷ ᠣᠷᠣᠨ ᠳᠤ ᠳᠤᠮᠳᠠ ᠠᠴᠠ ᠶᠡᠭᠡ ᠪᠣᠷᠣᠭᠠᠨ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠲᠡᠭᠦᠨᠴᠢᠯᠡᠨ ᠲᠡᠭᠦᠨ ᠠᠴᠠ ᠶᠡᠭᠡ ᠣᠷᠣᠬᠤ ᠪᠥᠭᠡᠳ ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠳᠠᠭᠠᠯᠳᠤᠨ᠎ᠠ᠃      ᠣᠶᠤᠨᠲᠤ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ 7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠵᠡᠭᠦᠨ ᠬᠡᠰᠡᠭ ᠤᠨ ᠬᠡᠰᠡᠭ ᠲᠠᠷᠢᠶᠠᠯᠠᠬᠤ ᠣᠷᠣᠨ ᠳᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠭᠠᠮᠰᠢᠭ ᠭᠠᠷᠬᠤ ᠪᠣᠯᠣᠨ᠎ᠠ᠃ 7 ᠰᠠᠷ᠎ᠠ ᠶᠢᠨ 25 ᠤ ᠡᠳᠦᠷ᠂ ᠤᠯᠠᠭᠠᠨᠬᠠᠳᠠ ᠬᠤᠲᠠ ᠶᠢᠨ ᠡᠮᠦᠨ᠎ᠡ ᠬᠡᠰᠡᠭ᠂ ᠲᠦᠩᠯᠢᠶᠣᠣ ᠬᠤᠲᠠ ᠶᠢᠨ ᠡᠮᠦᠨ᠎ᠡ ᠬᠡᠰᠡᠭ ᠪᠣᠯᠣᠨ ᠬᠢᠩᠭᠠᠨ ᠠᠶᠢᠮᠠᠭ ᠤᠨ ᠳᠤᠮᠳᠠ ᠬᠡᠰᠡᠭ ᠤᠨ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠠᠶᠤᠯ ᠲᠦᠭᠰᠢᠭᠦᠷᠢ ᠲᠠᠢ ᠪᠤᠶᠤ ᠨᠡᠯᠢᠶᠡᠳ ᠶᠡᠭᠡ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠣᠨ᠎ᠠ︔ 7 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠬᠤᠶᠢᠲᠤ ᠬᠡᠰᠡᠭ ᠪᠣᠯᠣᠨ ᠬᠥᠯᠥᠨ ᠪᠤᠶᠢᠷ ᠬᠤᠲᠠ ᠶᠢᠨ ᠡᠮᠦᠨ᠎ᠡ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠠᠶᠤᠯ ᠲᠦᠭᠰᠢᠭᠦᠷᠢ  ᠲᠠᠢ ᠪᠤᠶᠤ ᠨᠡᠯᠢᠶᠡᠳ ᠶᠡᠭᠡ ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠣᠨ᠎ᠠ ︵ᠳᠠᠭᠠᠯᠳᠤᠭᠤᠯᠤᠯ ᠵᠢᠷᠤᠭ︶᠃ ᠣᠳᠣᠬᠠᠨ ᠳᠤ᠂ ᠮᠠᠨ ᠤ ᠣᠷᠣᠨ ᠤ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠤ ᠡᠷᠳᠡᠨᠢ ᠰᠢᠰᠢ ᠦᠶᠡᠯᠡᠬᠦ ᠬᠤᠭᠤᠴᠠᠭᠠᠨ ᠳᠤ ᠣᠷᠣᠵᠤ᠂ ᠰᠢᠷ᠎ᠠ ᠪᠤᠷᠴᠠᠭ ᠰᠠᠯᠠᠭᠠᠯᠠᠬᠤ ᠬᠤᠭᠤᠴᠠᠭᠠᠨ ᠳᠤ ᠣᠷᠣᠵᠤ᠂ ᠲᠥᠮᠥᠰᠥ ᠴᠡᠴᠡᠭᠯᠡᠬᠦ ᠬᠤᠭᠤᠴᠠᠭᠠᠨ ᠳᠤ ᠣᠷᠣᠰᠢᠵᠤ᠂ ᠲᠣᠰ ᠡᠭᠡᠯᠵᠢ ᠶᠢᠨ ᠰᠢᠷᠦᠭᠦᠨ ᠬᠤᠷ᠎ᠠ ᠲᠤᠨᠳᠠᠰᠤ ᠨᠢ ᠬᠤᠷ᠎ᠠ ᠲᠤᠨᠳᠠᠰᠤ ᠶᠢᠨ ᠬᠡᠮᠵᠢᠶ᠎ᠡ ᠨᠢ ᠶᠡᠭᠡ᠂ ᠰᠢᠷᠦᠭᠦᠨ ᠬᠤᠷ᠎ᠠ ᠲᠤᠨᠳᠠᠰᠤ ᠶᠢᠨ ᠳᠠᠪᠬᠤᠴᠠᠬᠤ ᠬᠡᠮᠵᠢᠶ᠎ᠡ ᠨᠢ ᠥᠨᠳᠥᠷ ᠪᠣᠯᠬᠤᠷ ᠬᠤᠲᠣᠭᠤᠷ ᠳᠣᠣᠷ᠎ᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠠᠮᠠᠷᠬᠠᠨ ᠬᠡᠲᠦ ᠴᠢᠭᠢᠭᠲᠦᠭᠦᠯᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠬᠦᠴᠢᠯᠲᠥ᠋ᠷᠥᠭᠴᠢ ᠳᠤᠲᠠᠭᠳᠠᠬᠤ ᠳᠤ ᠬᠦᠷᠦᠭᠦᠯᠵᠦ᠂ ᠳᠡᠭᠡᠷ᠎ᠡ ᠳᠤᠷᠠᠳᠤᠭᠰᠠᠨ ᠲᠠᠷᠢᠶᠠᠯᠠᠬᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠶᠢᠨ ᠲᠠᠷᠢᠶᠠᠨ ᠳᠠᠬᠢ ᠲᠠᠷᠢᠮᠠᠯ ᠤᠨ ᠥᠰᠦᠯᠲᠡ ᠪᠤᠶᠢᠵᠢᠯᠲᠠ ᠳᠤ ᠠᠰᠢᠭ ᠦᠭᠡᠢ ᠨᠥᠯᠥᠭᠡ ᠦᠵᠡᠭᠦᠯᠬᠦ ᠪᠣᠯᠣᠨ᠎ᠠ᠃      ᠰᠡᠷᠭᠡᠶᠢᠯᠡᠬᠦ ᠠᠷᠭ᠎ᠠ ᠪᠣᠳᠣᠯᠭ᠎ᠠ᠄ ᠨᠢᠭᠡ ᠳᠤ ᠴᠠᠭ ᠲᠤᠬᠠᠢ ᠳᠤᠨᠢ ᠤᠰᠤᠲᠤᠯ ᠢ ᠵᠠᠯᠠᠨ ᠴᠢᠬᠢᠭ ᠢ ᠰᠠᠷᠨᠢᠭᠤᠯᠵᠤ᠂ ᠳᠣᠣᠷ᠎ᠠ ᠬᠤᠲᠣᠭᠤᠷ ᠠᠮᠠᠷᠬᠠᠨ ᠤᠰᠤᠲᠤᠬᠤ ᠭᠠᠵᠠᠷ ᠲᠤ ᠴᠠᠭ ᠲᠤᠬᠠᠢ ᠳᠤᠨᠢ ᠤᠰᠤ ᠵᠠᠯᠠᠬᠤ ᠰᠤᠪᠠᠭ ᠪᠠ ᠤᠰᠤ ᠬᠤᠷᠠᠬᠤ ᠨᠦᠬᠡ ᠮᠠᠯᠲᠠᠬᠤ᠂ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ ᠵᠠᠪᠳᠤᠨ ᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠰᠤ ᠶᠢ ᠵᠠᠪᠳᠤᠨ ᠭᠠᠳᠠᠭᠰᠢᠯᠠᠭᠤᠯᠵᠤ᠂ ᠤᠰᠤ ᠶᠢ ᠠᠷᠢᠯᠭᠠᠨ ᠤᠰᠤᠲᠤᠯ ᠢ ᠳᠣᠷᠣᠭᠰᠢᠯᠠᠭᠤᠯᠵᠤ᠂ ᠴᠢᠬᠢᠭ ᠢ ᠳᠠᠷᠤᠨ ᠰᠠᠷᠨᠢᠭᠤᠯᠵᠤ᠂ ᠦᠨᠳᠦᠰᠦᠨ ᠤ ᠰᠢᠰᠲ᠋ᠧᠮ ᠪᠠ ᠤᠷᠭᠤᠮᠠᠯ ᠤᠨ ᠳᠠᠬᠢᠨ ᠤᠷᠭᠤᠯᠲᠠ ᠶᠢ ᠠᠬᠢᠭᠤᠯᠵᠤ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ᠂ ᠴᠢᠬᠢ ᠦᠬᠦᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃      ᠬᠤᠶᠠᠷ ᠲᠤ᠂ ᠤᠰᠤᠲᠤᠭᠰᠠᠨ ᠭᠠᠵᠠᠷ ᠤᠨ ᠢᠯᠵᠢᠷᠡᠭᠰᠡᠨ ᠰᠢᠷᠠᠯᠠᠭᠰᠠᠨ ᠨᠠᠪᠴᠢ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠤᠰᠤ ᠲᠠᠲᠠᠷᠠᠭᠤᠯᠤᠭᠰᠠᠨ ᠤ ᠳᠠᠷᠠᠭ᠎ᠠ ᠤᠷᠭᠤᠮᠠᠯ ᠢ ᠴᠠᠭ ᠲᠤᠬᠠᠢ ᠳᠤᠨᠢ ᠲᠡᠭᠰᠢᠯᠡᠨ᠎ᠡ︔ ᠤᠰᠤ ᠲᠠᠲᠠᠷᠠᠭᠤᠯᠤᠭᠰᠠᠨ ᠤ ᠳᠠᠷᠠᠭ᠎ᠠ ᠮᠠᠰᠢ ᠲᠦᠷᠭᠡᠨ ᠢᠶᠠᠷ ᠭᠦᠢᠴᠡᠳ ᠬᠡᠮᠵᠢᠶᠡᠨ ᠤ ᠪᠣᠷᠳᠣᠭᠤᠷ ᠣᠷᠣᠭᠤᠯᠵᠤ᠂ ᠦᠨᠳᠦᠰᠦ ᠶᠢ ᠨᠢ ᠲᠡᠵᠢᠭᠡᠵᠦ ᠨᠠᠪᠴᠢ ᠶᠢ ᠨᠢ ᠬᠠᠮᠠᠭᠠᠯᠠᠨ᠎ᠠ︔ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ ᠰᠥᠷᠬᠦ ᠶᠢ ᠡᠰᠡᠷᠭᠦᠴᠡᠬᠦ ᠨᠠᠶᠢᠷᠠᠯᠭ᠎ᠠ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ᠂ ᠪᠣᠷᠳᠣᠭᠤᠷ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ᠂ ᠲᠠᠷᠢᠮᠠᠯ ᠤᠨ ᠰᠡᠷᠭᠦᠭᠡᠯᠲᠡ ᠶᠢᠨ ᠥᠰᠦᠯᠲᠡ ᠶᠢ ᠲᠦᠷᠭᠡᠬᠡᠨ ᠠᠬᠢᠭᠤᠯᠬᠤ ᠬᠡᠷᠡᠭᠲᠡᠢ᠃      ᠭᠤᠷᠪᠠ ᠳᠤ ᠤᠰᠤᠲᠤᠯ ᠠᠴᠠ ᠪᠣᠯᠵᠤ ᠬᠤᠷᠢᠶᠠᠯᠲᠠ ᠠᠯᠳᠠᠭᠰᠠᠨ ᠭᠠᠵᠠᠷ ᠲᠤ ᠭᠠᠮᠰᠢᠭ ᠠᠴᠠ ᠠᠪᠤᠷᠠᠬᠤ ᠦᠷ᠎ᠡ ᠶᠢ ᠡᠷᠲᠡᠬᠡᠨ ᠪᠡᠯᠡᠳᠬᠡᠵᠦ᠂ ᠤᠷᠭᠤᠯᠲᠠ ᠨᠢ ᠣᠬᠤᠷ ᠬᠤᠭᠤᠴᠠᠭᠠᠨ ᠤ ᠲᠠᠷᠢᠮᠠᠯ ᠢ ᠴᠠᠭ ᠲᠤᠬᠠᠢ ᠳᠤᠨᠢ ᠨᠥᠬᠦᠪᠦᠷᠢᠯᠡᠨ ᠥᠭᠡᠷᠡᠴᠢᠯᠡᠨ ᠲᠠᠷᠢᠵᠤ᠂ ᠦᠢᠯᠡᠳᠪᠦᠷᠢᠯᠡᠯ ᠢᠶᠠᠨ ᠲᠦᠷᠭᠡᠬᠡᠨ ᠰᠡᠷᠭᠦᠭᠡᠵᠦ᠂ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ᠃
77.1.png
77.2.png
      ᠳᠠᠭᠠᠯᠳᠤᠭᠤᠯᠤᠯ ᠵᠢᠷᠤᠭ  7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠤᠨ ᠲᠠᠰ ᠤᠨ ᠲᠠᠷᠬᠠᠯᠲᠠ ᠶᠢᠨ ᠵᠢᠷᠤᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号