2024 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/24
      ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.2%  ᠢᠶᠠᠷ ᠨᠡᠮᠡᠭᠳᠡᠪᠡ᠃ ᠬᠠᠪᠤᠷ ᠤᠨ ᠲᠠᠷᠢᠶᠠᠯᠠᠭ᠎ᠠ ᠶᠢ ᠤᠷᠤᠭᠰᠢᠲᠠᠢ ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠯᠠᠪᠳᠠᠭᠤᠨ ᠢᠶᠠᠷ ᠠᠬᠢᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 102.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 2.6% ᠪᠠᠷ ᠨᠡᠮᠡᠭᠳᠡᠪᠡ᠃ ᠬᠤᠶᠠᠳᠤᠭᠠᠷ ᠤᠯᠠᠷᠢᠯ ᠤᠨ ᠡᠴᠦᠰ ᠲᠤ᠂ ᠪᠥᠬᠦ ᠣᠷᠣᠨ ᠤ ᠠᠮᠢᠳᠤ ᠭᠠᠭ᠋ᠠᠢ 641.3 ᠲᠦᠮᠡ ᠳᠤ ᠬᠦᠷᠴᠦ᠂ 1.5% ᠪᠠᠷ ᠨᠡᠮᠡᠭᠳᠡᠪᠡ︔ ᠦᠬᠡᠷ ᠤᠨ ᠲᠤᠭ᠎ᠠ 971.2 ᠲᠦᠮᠡᠨ ᠲᠣᠯᠣᠭᠠᠢ ᠳᠤ ᠬᠦᠷᠴᠦ᠂ 6.3% ᠪᠠᠷ ᠨᠡᠮᠡᠭᠳᠡᠪᠡ︔ ᠬᠤᠨᠢᠨ ᠤ ᠲᠤᠭ᠎ᠠ 6793.6 ᠲᠦᠮᠡᠨ ᠲᠣᠯᠣᠭᠠᠢ ᠳᠤ ᠬᠦᠷᠴᠦ᠂ 1.0% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号