ᠬᠥᠬᠡᠬᠤᠲᠠ ᠲᠠᠷᠢᠶᠠᠯᠠᠬᠤ ᠣᠷᠣᠨ ᠤ ᠴᠠᠷᠴᠠᠬᠠᠢ ᠶᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠰᠣᠷᠢᠯᠲᠠ ᠶᠢᠨ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
图片1.png
       ︽2024 ᠣᠨ ᠤ ᠬᠥᠬᠡᠬᠤᠲᠠ ᠶᠢᠨ ︿ᠬᠤᠷᠣᠬᠠᠢ ᠶᠢᠨ ᠠᠮᠠ ᠠᠴᠠ ᠠᠮᠤ ᠪᠤᠳᠠᠭ᠎ᠠ ᠪᠤᠯᠢᠶᠠᠵᠤ﹀ ᠡᠯᠪᠡᠭ ᠬᠤᠷᠢᠶᠠᠯᠲᠠ ᠶᠢ ᠪᠠᠲᠤᠯᠠᠬᠤ ᠠᠵᠢᠯᠯᠠᠭ᠎ᠠ ᠶᠢᠨ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠠᠢ ᠬᠠᠮᠲᠤᠷᠠᠨ ᠦᠴᠦᠸᠠᠨ ᠰᠢᠶᠠᠨ ᠤ ᠡᠯ ᠹᠧᠨ ᠽᠢ ᠰᠢᠶᠠᠩ ᠳᠤ ᠲᠠᠷᠢᠶᠠᠯᠠᠬᠤ ᠣᠷᠣᠨ ᠤ ᠴᠠᠷᠴᠠᠬᠠᠢ ᠶᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠰᠣᠷᠢᠯᠲᠠ ᠵᠢᠴᠢ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠤᠲᠠ ᠰᠢᠶᠠᠨ ᠬᠤᠶᠠᠷ ᠱᠠᠲᠤᠨ ᠤ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯᠲᠡᠨ ᠪᠣᠯᠣᠨ ᠡᠯ ᠹᠧᠨ ᠽᠢ ᠰᠢᠶᠠᠩ᠂ ᠪᠠᠷᠠᠭᠤᠨ ᠤᠯᠠᠭᠠᠨ ᠪᠤᠯᠠᠭ ᠪᠠᠯᠭᠠᠰᠤᠨ ᠤ ᠲᠠᠷᠢᠶᠠᠯᠠᠩ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠣᠰᠬᠤᠨ ᠤ ᠠᠷᠠᠳ ᠤᠨ ᠵᠥᠪᠯᠡᠯ ᠤᠨ ᠺᠠᠳ᠋ᠷ ᠵᠢᠴᠢ ᠡᠷᠬᠢᠨ ᠲᠣᠭᠤᠷᠢᠨ ᠤ ᠲᠠᠷᠢᠶᠠᠴᠢᠨ ᠡᠷᠦᠬᠡ ᠨᠡᠶᠢᠲᠡ 30 ᠭᠠᠷᠤᠢ ᠬᠥᠮᠥᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠳᠡᠳ᠋ ᠡᠷᠬᠢᠯᠡᠭᠴᠢ ᠦᠨᠡᠨ᠂ ᠰᠡᠷᠭᠡᠶᠢᠯᠡᠨ ᠵᠠᠰᠠᠬᠤ ᠰᠠᠯᠠᠭ᠎ᠠ ᠶᠢᠨ ᠳᠠᠷᠤᠭ᠎ᠠ ᠶᠠᠩ ᠯᠢ ᠭᠦᠸᠧ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ 
图片2.png
       ᠬᠤᠷᠠᠯ ᠤᠨ ᠲᠤᠬᠠᠢ ᠶᠢᠨ ᠲᠠᠯᠠᠪᠤᠷ ᠲᠤ ᠲᠠᠷᠢᠶᠠᠯᠠᠬᠤ ᠣᠷᠣᠨ ᠤ ᠴᠠᠷᠴᠠᠬᠠᠢ ᠶᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠰᠣᠷᠢᠯᠲᠠ ᠶᠢ ᠥᠷᠨᠢᠭᠦᠯᠵᠦ᠂ ᠣᠳᠣᠬᠠᠨ ᠤ ᠲᠠᠷᠢᠶᠠᠯᠠᠬᠤ ᠣᠷᠣᠨ ᠤ ᠴᠠᠷᠴᠠᠬᠠᠢ ᠶᠢᠨ ᠡᠭᠦᠰᠬᠦ ᠪᠠᠶᠢᠳᠠᠯ ᠢ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠲᠠᠷᠢᠶᠠᠯᠠᠬᠤ ᠣᠷᠣᠨ ᠤ ᠴᠠᠷᠴᠠᠬᠠᠢ ᠶᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠠᠯᠠᠭ᠎ᠠ ᠶᠢᠨ ᠳᠠᠷᠤᠭ᠎ᠠ ᠶᠠᠩ ᠯᠢ ᠭᠦᠸᠧ ᠲᠣᠬᠢᠷᠠᠮᠵᠢᠲᠠᠢ ᠬᠤᠭᠤᠴᠠᠭ᠎ᠠ᠂ ᠡᠮ ᠨᠠᠶᠢᠷᠠᠬᠤ᠂ ᠥᠳᠬᠡᠴᠡ ᠶᠢᠨ ᠬᠠᠷᠢᠴᠠᠯ᠂ ᠡᠮ ᠬᠡᠷᠡᠭᠯᠡᠬᠦ ᠳᠤ ᠠᠩᠬᠠᠷᠬᠤ ᠵᠦᠢᠯ ᠵᠡᠷᠭᠡ ᠠᠭᠤᠯᠭ᠎ᠠ ᠶᠢᠨ ᠲᠣᠭᠤᠷᠢᠨ ᠳᠤ ᠲᠠᠷᠢᠶᠠᠴᠢᠨ ᠡᠷᠦᠬᠡ ᠳᠤ ᠪᠣᠯᠪᠠᠰᠤᠷᠠᠭᠤᠯᠤᠯ ᠵᠢᠯᠣᠭᠤᠳᠤᠯᠭ᠎ᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠲᠤ 1 ᠲᠣᠨ ᠥᠨᠳᠥᠷ ᠪᠦᠲᠦᠮᠵᠢᠲᠡᠶ ᠾᠯᠣᠷ ᠤᠰᠤᠲᠥ᠋ᠷᠥᠭᠴᠢ ᠶᠢᠨ ᠤᠳᠪᠠᠯᠠ ᠡᠮ ᠲᠠᠷᠬᠠᠭᠠᠵᠤ᠂ ᠲᠠᠷᠢᠶᠠᠴᠢᠨ ᠡᠷᠦᠬᠡ ᠶᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠳᠤ ᠬᠡᠷᠡᠭᠯᠡᠪᠡ᠃ 
图片3.png
       ᠡᠴᠦᠰ ᠲᠤ᠂ ᠡᠷᠬᠢᠯᠡᠭᠴᠢ ᠯᠢᠦ ᠰᠢᠶᠠᠨ ᠹᠧᠨ ᠴᠢᠬᠤᠯᠠᠴᠢᠯᠠᠭᠰᠠᠨ ᠨᠢ᠂ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ᠂ ᠲᠠᠷᠢᠮᠠᠯ ᠤᠨ ᠡᠷᠦᠬᠡ᠂ ᠲᠤᠰᠬᠠᠶᠢᠵᠢᠭᠰᠠᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ ᠲᠠᠷᠢᠶᠠᠨ ᠭᠠᠵᠠᠷ ᠤᠨ ᠡᠷᠬᠢᠨ ᠲᠣᠭᠤᠷᠢᠨ ᠤ ᠡᠪᠡᠰᠦ  ᠲᠠᠢ ᠣᠯᠠᠨ ᠨᠡᠶᠢᠲᠡ ᠶᠢᠨ ᠣᠷᠣᠨ ᠪᠦᠰᠡ ᠶᠢᠨ ᠰᠡᠷᠭᠡᠶᠢᠯᠡᠯᠳᠡ ᠡᠵᠡᠮᠳᠡᠯ ᠢ ᠴᠢᠩᠭᠠᠳᠬᠠᠵᠤ᠂ ᠡᠭᠦᠰᠦᠭᠰᠡᠨ ᠣᠷᠣᠨ ᠪᠦᠰᠡ ᠶᠢᠨ ᠪᠦᠬᠦᠯᠢ ᠴᠣᠭᠴᠠ ᠶᠢᠨ ᠬᠤᠷᠣᠬᠠᠢ ᠶᠢᠨ ᠠᠮᠠᠰᠠᠷ ᠤᠨ ᠨᠢᠭᠲᠠᠴᠠ ᠶᠢ ᠪᠠᠭᠤᠷᠠᠭᠤᠯᠵᠤ᠂ ᠰᠡᠭᠦᠯᠴᠢ ᠶᠢᠨ ᠬᠤᠭᠤᠴᠠᠭᠠᠨ ᠤ ᠲᠠᠷᠢᠶᠠᠨ ᠭᠠᠵᠠᠷ ᠤᠨ ᠡᠷᠬᠢᠨ ᠲᠣᠭᠤᠷᠢᠨ ᠤ ᠡᠪᠡᠰᠦᠨ ᠲᠠᠩ ᠤᠨ ᠬᠤᠷᠣᠬᠠᠢ  ᠲᠠᠷᠢᠶᠠᠨ ᠭᠠᠵᠠᠷ ᠲᠤ ᠰᠢᠯᠵᠢᠨ ᠲᠠᠷᠬᠠᠬᠤ ᠶᠢ ᠰᠡᠷᠭᠡᠶᠢᠯᠡᠬᠦ ᠬᠡᠷᠡᠭᠲᠡᠢ ᠭᠡᠪᠡ᠃ 
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号