ᠤᠮᠠᠷᠠᠲᠤ ᠶᠢᠨ ᠰᠢᠨ᠎ᠡ ᠲᠠᠷᠢᠶᠠᠴᠢᠨ ᠰᠢᠨ᠎ᠡ ᠢᠷᠡᠭᠡᠳᠦᠢ ᠪᠠᠨ ᠲᠡᠷᠭᠡᠯᠰᠢᠭᠦᠯᠦᠨ᠎ᠡ ︱ ᠥᠪᠥᠷ ᠮᠣᠩᠭᠤᠯ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠵᠡᠭᠦᠨ ᠬᠡᠰᠡᠭ ᠤᠨ ᠳᠦᠷᠪᠡᠨ ᠮᠤᠵᠢ ᠣᠷᠣᠨ ᠤ ᠰᠤᠷᠤᠯᠴᠠᠬᠤ ᠬᠡᠷᠡᠭᠯᠡᠬᠦ ᠶᠢ ᠠᠭᠤᠰᠤᠯᠴᠠᠭᠤᠯᠬᠤ ᠲᠤᠷᠰᠢᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/7/3
      ᠣᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠵᠡᠭᠦᠨ ᠬᠡᠰᠡᠭ ᠤᠨ ᠳᠥᠷᠪᠡᠨ ᠮᠤᠵᠢ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠲᠠᠢ ᠬᠠᠮᠲᠤ ᠳ᠋ᠠᠯᠢᠶᠠᠨ ᠤ ᠰᠢᠨ ᠰᠢᠩ ᠶᠤᠸᠠᠨ ᠤ ᠲᠠᠷᠢᠶᠠᠴᠢᠨ ᠤ ᠲᠠᠷᠢᠶᠠᠨ ᠭᠠᠵᠠᠷ ᠤᠨ ᠰᠤᠷᠭᠠᠭᠤᠯᠢ ︵ᠰᠢᠶᠠᠩ ᠿᠢ ᠺᠦᠢ ᠲᠠᠷᠢᠶᠠᠯᠠᠩ ᠤᠨ ᠲᠠᠯᠠᠪᠠᠶ︶ ᠳᠤ ︽ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠡᠳᠬᠢᠬᠦᠢ ᠶᠢᠨ ᠬᠤᠷᠠᠯ ᠤᠨ ᠵᠣᠴᠢᠯᠠᠬᠤ ᠲᠢᠩᠬᠢᠮ ︱ ᠲᠠᠷᠢᠶᠠᠯᠠᠩ ᠢ ᠳᠠᠬᠢᠨ ᠴᠣᠭᠴᠠᠯᠠᠬᠤ᠂ ᠲᠥᠷᠥᠯ ᠵᠦᠢᠯ ᠢ ᠡᠭᠦᠳᠦᠨ ᠰᠤᠳᠤᠯᠬᠤ︾ ᠠᠵᠢᠯᠯᠠᠭ᠎ᠠ ᠳᠤ ᠣᠷᠣᠯᠴᠠᠪᠠ᠃ ᠲᠤᠰ ᠤᠳᠠᠭ᠎ᠠ ᠶᠢᠨ ᠠᠵᠢᠯᠯᠠᠭ᠎ᠠ ᠶᠢ ᠳ᠋ᠠᠯᠢᠶᠠᠨ ᠬᠤᠳᠠ ᠶᠢᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ᠡᠭᠦᠰᠬᠡᠨ ᠰᠡᠳᠦᠵᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠤᠨ ᠰᠤᠷᠴᠤ ᠬᠡᠷᠡᠭᠯᠡᠬᠦ ᠶᠢ ᠠᠭᠤᠰᠤᠯᠴᠠᠭᠤᠯᠬᠤ᠂ ᠪᠣᠯᠪᠠᠰᠤᠷᠠᠭᠤᠯᠤᠯ ᠤᠨ ᠵᠠᠭᠪᠤᠷ ᠤᠨ ᠰᠢᠨ᠎ᠡ ᠶᠢ ᠡᠭᠦᠳᠬᠦ ᠪᠠ ᠰᠢᠨ᠎ᠡ ᠠᠷᠭ᠎ᠠ ᠵᠢᠴᠢ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠰᠡᠳᠬᠢᠴᠡ ᠶᠢ ᠬᠠᠮᠲᠤᠪᠠᠷ ᠰᠦᠪᠡᠭᠴᠢᠯᠡᠬᠦ ᠪᠠᠷ ᠵᠣᠷᠢᠯᠭ᠎ᠠ ᠪᠠᠨ ᠪᠣᠯᠭᠠᠵᠠᠢ᠃
65.1.png
      ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠨᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 30 ᠨᠡᠷᠡᠰ ᠬᠥᠳᠡᠭᠡ ᠠᠵᠤ ᠠᠬᠤᠢ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠭᠰᠢ ᠵᠢᠴᠢ ᠰᠢᠨ᠎ᠡ ᠲᠠᠷᠢᠶᠠᠴᠢᠨ ᠲᠠᠢ ᠬᠠᠮᠲᠤᠪᠠᠷ ᠬᠥᠳᠡᠭᠡ ᠠᠵᠤ ᠠᠬᠤᠢ ᠶᠢᠨ ᠰᠤᠷᠭᠠᠨ ᠬᠥᠮᠦᠵᠢᠯ ᠤᠨ ᠰᠢᠨ᠎ᠡ ᠠᠷᠭ᠎ᠠ ᠵᠠᠮ ᠢ ᠭᠦᠨᠵᠡᠭᠡᠢ ᠰᠦᠪᠡᠭᠴᠢᠯᠡᠵᠡᠢ᠃ ᠪᠣᠯᠪᠠᠰᠤᠷᠠᠭᠤᠯᠤᠯ ᠨᠢ ︽ᠠᠭᠤᠯᠵᠠᠯᠲᠠ ᠶᠢᠨ ᠪᠠᠶᠠᠷ︾ ᠢᠶᠠᠷ ᠵᠥᠪᠯᠡᠬᠦ ᠰᠡᠳᠦᠪ ᠪᠣᠯᠭᠠᠨ ᠬᠥᠰᠢᠭᠡ ᠪᠠᠨ ᠰᠡᠬᠦᠵᠦ᠂ ᠰᠡᠳᠬᠢᠬᠦᠢ ᠶᠢᠨ ᠵᠢᠯᠣᠭᠤᠳᠤᠮᠵᠢ ᠶᠢᠨ ᠵᠢᠷᠤᠭ ᠢᠶᠠᠷ ᠳᠠᠮᠵᠢᠭᠤᠯᠤᠨ ᠲᠣᠰ ᠲᠣᠰ ᠤᠨ ᠲᠠᠷᠢᠶᠠᠯᠠᠩ ᠤᠨ ᠲᠤᠬᠠᠢ ᠣᠶᠢᠯᠠᠭᠠᠯᠲᠠ ᠪᠠ ᠨᠤᠲᠤᠭ ᠤᠨ ᠮᠥᠷᠥᠭᠡᠳᠦᠯ ᠤᠨ ᠥᠯᠢᠭᠡᠷ ᠢᠶᠠᠨ ᠬᠤᠪᠢᠶᠠᠯᠴᠠᠵᠤ᠂ ᠲᠠᠷᠠᠭᠠᠴᠢ ᠶᠢᠨ ᠰᠤᠷᠤᠯᠴᠠᠯᠭ᠎ᠠ ᠳᠤ ᠰᠡᠳᠬᠢᠯᠭᠡ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭ᠎ᠠ ᠪᠠᠷ ᠨᠢ ︽ᠳᠠᠯᠠᠩ ᠢᠶᠠᠷ ᠠᠶᠠᠯᠠᠬᠤ︾ ᠪᠠ ︽ᠬᠦᠰᠡᠯᠡᠩ ᠤᠨ ᠬᠡᠭᠡᠷ᠎ᠡ ᠲᠠᠯ᠎ᠠ︾ ᠭᠡᠬᠦ ᠰᠡᠳᠦᠪ ᠤᠨ ᠳᠤᠮᠳᠠ᠂ ᠰᠤᠷᠤᠭᠴᠢᠳ ᠴᠢᠦ ᠡᠭᠡᠴᠢ ᠶᠢᠨ ᠢᠩᠲᠣᠣᠷ ᠤᠨ ᠬᠦᠷᠢᠶᠡᠯᠡᠩ᠂ ᠰᠦᠨ ᠣᠪᠣᠭᠲᠤ ᠶᠢᠨ ᠪᠠᠭ᠎ᠠ ᠬᠦᠷᠢᠶ᠎ᠡ᠂ ᠯᠢᠦ ᠡᠮᠡᠭᠡ ᠶᠢᠨ ᠴᠢᠯᠠᠭᠤᠨ ᠲᠡᠭᠡᠷᠮ᠎ᠡ ᠶᠢᠨ ᠪᠠᠭ᠎ᠠ ᠬᠦᠷᠢᠶ᠎ᠡ ᠵᠢᠴᠢ ᠪᠠᠷᠠᠭᠤᠨ ᠳᠡᠬᠦᠷᠬᠡ ᠶᠢᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠥᠪᠡᠷ ᠤᠨ ᠲᠦᠷᠦᠯ ᠵᠦᠢᠯ ᠤᠨ ᠵᠠᠳᠠᠯᠤᠯᠲᠠ ᠪᠠᠷ ᠳᠠᠮᠵᠢᠨ ᠰᠢᠨ᠎ᠡ ᠶᠢ ᠡᠭᠦᠳᠬᠦ ᠰᠡᠳᠬᠢᠬᠦᠢ ᠶᠢ ᠬᠥᠭᠵᠢᠭᠡᠵᠦ᠂ ᠦᠢᠯᠡᠳᠦᠯᠭᠡ ᠶᠢᠨ ᠳᠤᠮᠳᠠ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠴᠢᠭᠯᠡᠯ ᠢ ᠰᠦᠪᠡᠭᠴᠢᠯᠡᠬᠦ ᠶᠢ ᠵᠣᠷᠢᠭᠵᠢᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠵᠢᠯᠯᠠᠭ᠎ᠠ ᠳᠤᠮᠳᠠ ᠪᠠᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠤᠨ ᠰᠤᠷᠴᠤ ᠬᠡᠷᠡᠭᠯᠡᠬᠦ ᠶᠢ ᠠᠭᠤᠰᠤᠯᠴᠠᠭᠤᠯᠬᠤ ᠵᠢᠴᠢ ᠲᠠᠷᠢᠶᠠᠯᠠᠩ ᠤᠨ ᠪᠣᠯᠪᠠᠰᠤᠷᠠᠭᠤᠯᠤᠯ ᠤᠨ ᠰᠢᠨ᠎ᠡ ᠬᠡᠪ ᠵᠠᠭᠪᠤᠷ ᠤᠨ ᠲᠤᠬᠠᠢ ᠦᠵᠡᠯᠲᠡ ᠪᠠ ᠬᠦᠰᠡᠯ ᠡᠷᠡᠮᠡᠯᠵᠡᠯ ᠢᠶᠠᠨ ᠬᠤᠪᠢᠶᠠᠯᠴᠠᠪᠠ᠄ ᠡᠶᠢᠮᠦᠷᠬᠦ ᠭᠤᠣᠯᠳᠠᠯᠭ᠎ᠠ ᠶᠢ ᠲᠠᠶᠠᠭᠳᠠᠬᠤ᠂ ᠬᠡᠯᠡᠵᠦ ᠤᠬᠠᠭᠠᠷᠠᠭᠤᠯᠬᠤ᠂ ᠬᠡᠯᠪᠡᠷᠢᠵᠢᠭᠦᠯᠬᠦ ᠶᠢ ᠦᠭᠡᠶᠢᠰᠬᠡᠬᠦ ᠪᠣᠯᠪᠠᠰᠤᠷᠠᠭᠤᠯᠤᠯ ᠤᠨ ᠬᠡᠪ ᠵᠠᠭᠪᠤᠷ ᠨᠢ ᠰᠤᠷᠤᠭᠴᠢᠳ ᠤᠨ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠢᠯᠡᠳᠲᠡ ᠳᠡᠭᠡᠭᠰᠢᠯᠡᠭᠦᠯᠵᠦ᠂ ᠲᠡᠳᠡᠨ ᠢ ᠰᠤᠷᠤᠯᠴᠠᠯᠭ᠎ᠠ ᠳᠤ ᠨᠡᠩ ᠭᠦᠨᠵᠡᠭᠡᠢ ᠣᠷᠣᠯᠴᠠᠭᠤᠯᠵᠤ᠂ ᠡᠭᠦᠨ ᠤ ᠤᠯᠠᠮ ᠠᠴᠠ ᠰᠣᠷᠣᠭᠰᠠᠨ ᠢᠶᠠᠨ ᠬᠡᠷᠡᠭᠯᠡᠬᠦ ᠶᠢ ᠪᠡᠶᠡᠯᠡᠭᠦᠯᠵᠦ ᠴᠢᠳᠠᠨ᠎ᠠ᠃ ᠢᠷᠡᠭᠡᠳᠦᠢ ᠶᠢᠨ ᠰᠤᠷᠴᠤ ᠬᠡᠷᠡᠭᠯᠡᠬᠦ ᠶᠢ ᠠᠭᠤᠰᠤᠯᠴᠠᠭᠤᠯᠬᠤ ᠲᠤᠷᠰᠢᠯᠲᠠ ᠶᠢᠨ ᠠᠵᠢᠯ ᠤᠨ ᠳᠤᠮᠳᠠ ᠪᠠᠰᠠ ᠭᠠᠵᠠᠷ ᠣᠷᠣᠨ ᠠᠯᠤᠰᠯᠠᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠳᠠᠯᠢ ᠪᠤᠰᠤ ᠭᠠᠵᠠᠷ ᠣᠷᠣᠨ ᠤ ᠬᠤᠭᠤᠷᠣᠨᠳᠣᠬᠢ ᠲᠠᠷᠢᠶᠠᠯᠠᠩ ᠤᠨ ᠮᠡᠳᠡᠯᠭᠡ ᠪᠠ ᠲᠤᠷᠰᠢᠯᠭ᠎ᠠ ᠶᠢᠨ ᠰᠣᠯᠢᠯᠴᠠᠭ᠎ᠠ ᠶᠢ ᠠᠬᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃
65.2.png
      ︽ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠡᠳᠬᠢᠬᠦᠢ ᠶᠢᠨ ᠬᠤᠷᠠᠯ ᠤᠨ ᠵᠣᠴᠢᠨ ᠤ ᠥᠷᠥᠭᠡ︾ ᠨᠢ ᠤᠯᠠᠮᠵᠢᠯᠠᠯᠲᠤ ᠪᠣᠯᠪᠠᠰᠤᠷᠠᠭᠤᠯᠤᠯ ᠤᠨ ᠰᠤᠳᠤᠯᠤᠨ ᠶᠠᠷᠢᠯᠴᠠᠬᠤ ᠬᠤᠷᠠᠯ ᠤᠨ ᠬᠡᠪᠴᠢᠶ᠎ᠡ ᠠᠴᠠ ᠳᠠᠪᠠᠵᠤ᠂ ᠦᠵᠡᠯ ᠰᠠᠨᠠᠭ᠎ᠠ ᠪᠠᠨ ᠰᠣᠯᠢᠯᠴᠠᠬᠤ ᠦᠪᠡᠳᠡᠭᠰᠢ ᠨᠠᠶᠢᠷ᠂ ᠣᠶᠤᠨ ᠪᠢᠯᠢᠭ ᠤᠨ ᠮᠥᠷᠭᠦᠯᠳᠦᠭᠡᠨ ᠤ ᠲᠠᠯᠠᠪᠤᠷ ᠪᠣᠯᠤᠭᠰᠠᠨ ᠪᠠᠶᠢᠨ᠎ᠠ᠃ ᠡᠨᠡ ᠬᠦ ᠲᠠᠪᠴᠠᠩ ᠨᠢ ᠣᠷᠣᠯᠴᠠᠭᠰᠠᠳ ᠲᠤ ᠡᠷᠬᠢᠮ ᠨᠠᠨᠳᠢᠨ ᠨᠡᠪᠲᠡᠷᠡᠯᠴᠡᠬᠦ ᠲᠣᠬᠢᠶᠠᠯ ᠣᠯᠭᠤᠭᠰᠠᠨ ᠢᠶᠠᠷ ᠪᠠᠷᠠᠬᠤ ᠦᠭᠡᠢ᠂ ᠨᠡᠩ ᠴᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠠ ᠬᠤᠷᠴᠠ ᠰᠡᠷᠡᠯ ᠤᠨ ᠡᠬᠢ ᠪᠤᠯᠠᠭ ᠢ ᠬᠥᠭᠵᠢᠭᠡᠭᠰᠡᠨ ᠪᠠᠶᠢᠨ᠎ᠠ᠃ ᠡᠭᠦᠨ ᠳᠤ ᠪᠢᠳᠡ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠤᠨ ᠰᠤᠷᠴᠤ ᠬᠡᠷᠡᠭᠯᠡᠬᠦ ᠶᠢ ᠠᠭᠤᠰᠤᠯᠴᠠᠭᠤᠯᠬᠤ ᠪᠠ ᠬᠥᠳᠡᠭᠡ ᠠᠵᠤ ᠠᠬᠤᠢ ᠶᠢᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠵᠠᠮ ᠢᠶᠠᠷ ᠵᠠᠮᠨᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠬᠥᠳᠡᠭᠡ ᠠᠵᠤ ᠠᠬᠤᠢ ᠶᠢᠨ ᠠᠵᠢᠯ ᠡᠷᠬᠢᠯᠡᠭᠰᠡᠳ ᠤᠨ ᠢᠯᠡᠷᠡᠭᠦᠯᠦᠭᠰᠡᠨ ᠬᠠᠯᠠᠭᠤᠨ ᠰᠡᠳᠬᠢᠯᠭᠡ ᠪᠣᠯᠣᠨ ᠤᠶᠤᠨ ᠤᠬᠠᠭᠠᠨ ᠢ ᠭᠦᠨᠵᠡᠭᠡᠢ ᠣᠶᠢᠯᠠᠭᠠᠪᠠ᠃      ᠲᠤᠰ ᠤᠳᠠᠭ᠎ᠠ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠬᠢᠨ ᠭᠠᠨᠵᠤᠭ᠎ᠠ ᠳᠦᠭᠦᠷᠡᠩ ᠪᠤᠴᠠᠵᠤ ᠢᠷᠡᠭᠰᠡᠨ ᠪᠥᠭᠡᠳ ᠰᠣᠷᠣᠭᠰᠠᠨ ᠰᠢᠨ᠎ᠡ ᠮᠡᠳᠡᠯᠭᠡ᠂ ᠰᠢᠨ᠎ᠡ ᠤᠷ᠎ᠠ ᠴᠢᠳᠠᠪᠤᠷᠢ ᠪᠣᠯᠣᠨ ᠰᠢᠨ᠎ᠡ ᠣᠶᠢᠯᠠᠭᠠᠭᠳᠠᠬᠤᠨ ᠢᠶᠠᠨ ᠥᠪᠥᠷ ᠮᠣᠩᠭᠤᠯ ᠳᠠᠭᠠᠨ ᠠᠪᠴᠢᠷᠠᠵᠤ᠂ ᠵᠡᠭᠦᠨ ᠬᠡᠰᠡᠭ ᠤᠨ ᠭᠠᠵᠠᠷ ᠣᠷᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠤᠨ ᠰᠤᠷᠴᠤ ᠬᠡᠷᠡᠭᠯᠡᠬᠦ ᠶᠢ ᠠᠭᠤᠰᠤᠯᠴᠠᠭᠤᠯᠬᠤ ᠲᠤᠷᠰᠢᠯᠲᠠ ᠶᠢᠨ ᠠᠵᠢᠯ ᠢ ᠥᠷᠨᠢᠭᠦᠯᠬᠦ᠂ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠰᠡᠳᠬᠢᠴᠡ ᠶᠢ ᠥᠷᠭᠡᠳᠬᠡᠬᠦ ᠳᠤ ︽ᠥᠪᠥᠷ ᠮᠣᠩᠭᠤᠯ ᠤᠨ ᠬᠦᠴᠦᠨ︾ ᠢᠶᠠᠨ ᠡᠷᠭᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠬᠠᠮᠲᠤᠪᠠᠷ ᠵᠢᠷᠤᠭᠯᠠᠬᠤ ᠨᠢ ᠵᠠᠶᠢᠯᠠᠰᠢ ᠦᠭᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号