6 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠣᠷᠣᠨ ᠤ ᠨᠤᠲᠤᠭ ᠪᠡᠯᠴᠢᠭᠡᠷ ᠤᠨ ᠠᠵᠢᠯ ᠤᠨ ᠶᠠᠷᠢᠯᠴᠠᠬᠤ | ᠬᠤᠷᠠᠯ ᠵᠢᠴᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ | ᠲᠤᠷᠰᠢᠯᠲᠠ ᠶᠢᠨ ᠴᠡᠭ ᠪᠠ ᠡᠪᠡᠰᠦᠨ ᠤ ᠠᠵᠤ ᠦᠢᠯᠡᠰ ᠤᠨ ᠠᠵᠢᠯ ᠢ ᠠᠬᠢᠭᠤᠯᠬᠤ ᠬᠤᠷᠠᠯ ᠠᠴᠠ | ᠣᠶᠢᠯᠠᠭᠠᠭᠰᠠᠨ ᠢᠶᠠᠷ᠂ 2023 ᠣᠨ ᠳᠤ᠂ ᠪᠥᠬᠦ ᠣᠷᠣᠨ ᠤ ᠡᠪᠡᠰᠦᠨ ᠤ ᠦᠷ᠎ᠡ ᠦᠷᠡᠵᠢᠭᠦᠯᠦᠨ ᠪᠣᠶᠢᠵᠢᠭᠤᠯᠬᠤ | ᠰᠠᠭᠤᠷᠢᠨ ᠤ ᠲᠠᠯᠠᠪᠠᠶ 26.5 ᠲᠦᠮᠡᠨ ᠮᠦ ᠳᠤ ᠬᠦᠷᠴᠦ᠂ ᠵᠢᠯ ᠤᠨ ᠦᠷ᠎ᠡ ᠦᠷᠡᠵᠢᠭᠦᠯᠬᠦ ᠴᠢᠳᠠᠪᠤᠷᠢ 500 ᠲᠦᠮᠡᠨ | ᠺᠢᠯᠣᠭ᠍ᠷᠠᠮ ᠢ ᠳᠠᠪᠠᠵᠠᠢ᠂ ᠬᠥᠮᠥᠨ ᠤ ᠬᠦᠴᠦ ᠪᠠᠷ ᠲᠠᠷᠢᠵᠤ ᠤᠷᠭᠤᠭᠤᠯᠤᠭᠰᠠᠨ ᠡᠪᠡᠰᠦ ᠪᠣᠷᠳᠤᠭ᠎ᠠ 2172 ᠲᠦᠮᠡᠨ | ᠮᠦ ᠳᠤ ᠬᠦᠷᠴᠦ᠂ ᠡᠯ᠎ᠡ ᠲᠥᠷᠥᠯ ᠤᠨ ᠲᠡᠵᠢᠭᠡᠯ ᠡᠪᠡᠰᠦ ᠪᠣᠷᠳᠣᠭᠠᠨ ᠤ ᠭᠠᠷᠤᠯᠲᠠ 7543 ᠲᠦᠮᠡᠨ ᠲᠣᠨ ᠳᠤ | ᠬᠦᠷᠴᠦ᠂ ᠡᠪᠡᠰᠦᠨ ᠤ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 802.1 ᠳ᠋ᠦᠩᠰᠢᠭᠤᠷ | ᠲᠥᠭᠦᠷᠢᠭ ᠲᠤ ᠬᠦᠷᠴᠦ᠂ ᠭᠠᠷᠤᠯᠲᠠ᠂ ᠦᠢᠯᠡᠳᠬᠦᠨ ᠤ ᠥᠷᠲᠡᠭ ᠴᠥᠮ ᠪᠥᠬᠦ ᠤᠯᠤᠰ ᠲᠤ ᠲᠡᠷᠢᠭᠦᠯᠡᠭᠰᠡᠨ ᠪᠠᠶᠢᠨ᠎ᠠ᠃ | ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠮᠠᠷᠠᠲᠤ ᠶᠢᠨ ᠭᠤᠷᠪᠠᠨ ᠣᠷᠣᠨ ᠤ ᠵᠢᠷᠭᠤᠳᠤᠭᠠᠷ | ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠵᠦ᠂ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ | ᠠᠵᠢᠯ ᠢᠶᠠᠨ ᠲᠦᠷᠭᠡᠳᠬᠡᠨ ᠠᠬᠢᠭᠤᠯᠵᠤ᠂ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠪᠠᠨ ᠦᠷᠭᠦᠯᠵᠢᠯᠡᠨ ᠠᠬᠢᠭᠤᠯᠵᠤ᠂ | ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠬᠤᠷᠢᠭᠯᠠᠬᠤ ᠪᠠᠨ ᠴᠢᠩᠭᠠᠳᠬᠠᠪᠠ᠃ ᠪᠦᠬᠦ | ᠣᠷᠣᠨ ᠳᠤ 7.31 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠵᠤ | ᠲᠣᠬᠢᠷᠠᠭᠤᠯᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ 791.9 ᠲᠦᠮᠡᠨ ᠮᠦ ᠡᠪᠡᠰᠦ | ᠳᠠᠷᠢᠵᠤ ᠰᠠᠶᠢᠵᠢᠷᠠᠭᠤᠯᠤᠭᠰᠠᠨ ᠡᠭᠦᠷᠭᠡ᠂ 50 ᠲᠦᠮᠡᠨ ᠮᠦ ᠡᠯᠡᠰᠦᠵᠢᠭᠰᠡᠨ ᠬᠢᠶᠠᠭ ᠤᠨ ᠪᠡᠯᠴᠢᠭᠡᠷ ᠢ ᠵᠠᠰᠠᠨ | ᠰᠡᠷᠭᠦᠭᠡᠭᠰᠡᠨ ᠡᠭᠦᠷᠭᠡ᠂ 92.19 ᠲᠦᠮᠡᠨ ᠮᠦ ᠬᠠᠷᠭᠠᠨ᠎ᠠ ᠲᠠᠷᠢᠵᠤ ᠰᠠᠶᠢᠵᠢᠷᠠᠭᠤᠯᠤᠭᠰᠠᠨ ᠬᠠᠳᠤᠯᠠᠩ ᠪᠠ ᠪᠣᠳᠠ | ᠮᠣᠳᠣᠨ ᠣᠶ ᠳᠠᠷᠢᠬᠤ ᠳᠤ ᠬᠠᠷᠭᠠᠨ᠎ᠠ ᠳᠠᠷᠢᠬᠤ ᠡᠭᠦᠷᠭᠡ ᠶᠢ ᠪᠡᠶᠡᠯᠡᠭᠦᠯᠵᠦ᠂ 3377.38 ᠲᠦᠮᠡᠨ ᠮᠦ ᠨᠤᠲᠤᠭ | ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃ | ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ | ᠲᠣᠭᠤᠷᠢᠨ ᠳᠤ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠡᠪᠡᠰᠦ ᠪᠡᠯᠴᠢᠭᠡᠷ ᠢᠶᠠᠨ ᠰᠠᠶᠢᠲᠤᠷ | ᠤᠷᠭᠤᠭᠤᠯᠬᠤ ᠮᠥᠷᠲᠡᠭᠡᠨ ᠪᠠᠰᠠ ᠮᠠᠯ ᠢᠶᠠᠨ ᠰᠠᠶᠢᠲᠤᠷ ᠬᠠᠮᠢᠶᠠᠷᠴᠤ᠂ ᠳᠠᠭᠠᠤ ᠳᠤ ᠨᠢ ᠲᠡᠷᠢᠭᠦᠨ ᠤ ᠲᠤᠷᠰᠢᠯᠭ᠎ᠠ ᠶᠢ | ᠴᠠᠭ ᠲᠤᠬᠠᠢ ᠳᠤ ᠨᠢ ᠳᠡᠯᠭᠡᠷᠡᠭᠦᠯᠦᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ︽ᠠᠮᠢᠳᠤ ᠵᠢᠱᠢᠶ᠎ᠡ︾ ᠪᠣᠯᠭᠠᠵᠤ᠂ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠳᠤ ᠪᠠᠲᠤ | ᠪᠠᠬᠢ ᠰᠠᠭᠤᠷᠢ ᠲᠠᠯᠪᠢᠬᠤ ᠬᠡᠷᠡᠭᠲᠡᠢ᠃ ᠡᠭᠦᠨ ᠤ ᠬᠠᠮᠲᠤ᠂ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠯᠦᠭᠡ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠᠨ ᠴᠢᠩᠭᠠᠳᠬᠠᠵᠤ᠂ ᠲᠣᠰ | ᠬᠠᠷᠢᠶ᠎ᠠ ᠣᠷᠣᠨ ᠤ ᠪᠠᠨ ᠡᠪᠡᠰᠦᠨ ᠤ ᠠᠵᠤ ᠦᠢᠯᠡᠰ ᠤᠨ ᠪᠠᠶᠢᠳᠠᠯ ᠢ ᠴᠠᠭ ᠲᠤᠬᠠᠢ ᠳᠤ ᠨᠢ ᠲᠣᠬᠢᠷᠠᠭᠤᠯᠤᠨ | ᠡᠵᠡᠮᠰᠢᠵᠦ᠂ ᠡᠪᠡᠰᠦᠨ ᠤ ᠠᠵᠤ ᠦᠢᠯᠡᠰ ᠤᠨ ᠠᠵᠤ ᠠᠬᠤᠶᠢᠯᠠᠯ ᠤᠳ ᠲᠠᠢ ᠬᠠᠷᠢᠯᠴᠠᠵᠤ ᠦᠢᠯᠡᠴᠢᠯᠡᠬᠦ | ᠪᠠᠶᠢᠩᠭᠤᠰᠢᠭᠰᠠᠨ ᠲᠣᠭᠲᠠᠯᠴᠠᠭ᠎ᠠ ᠶᠢ ᠪᠠᠶᠢᠭᠤᠯᠤᠨ᠂ ᠦᠨᠳᠦᠰᠦᠨ ᠪᠠᠶᠢᠳᠠᠯ ᠲᠣᠳᠣᠷᠬᠠᠢ ᠪᠠᠶᠢᠬᠤ ᠬᠡᠷᠡᠭᠲᠡᠢ ᠬᠡᠮᠡᠨ | ᠱᠠᠭᠠᠷᠳᠠᠵᠠᠢ᠃ ᠬᠤᠷᠠᠯ ᠳᠤ ᠪᠠᠰᠠ ᠤᠯᠤᠰ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ | ᠲᠠᠷᠬᠠᠭᠠᠬᠤ ᠶᠢ ᠴᠢᠨᠠᠭᠰᠢᠳᠠ ᠤᠯᠠᠮ ᠵᠢᠷᠤᠮᠵᠢᠭᠤᠯᠬᠤ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠲᠠᠯ᠎ᠠ ᠪᠠᠷ ᠪᠠᠶᠢᠷᠢᠯᠠᠭᠤᠯᠵᠠᠢ᠃ |