ᠲᠠᠷᠢᠶᠠᠯᠠᠩ ᠤᠨ ᠮᠠᠰᠢᠨᠴᠢᠯᠠᠯᠲᠠ ᠬᠥᠳᠡᠭᠡ ᠲᠤᠰᠬᠤᠨ ᠤ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/7/4
      ᠵᠤᠨ ᠤ ᠵᠢᠷᠭᠤᠭᠠᠨ ᠰᠠᠷ᠎ᠠ ᠪᠣᠯ ᠲᠠᠷᠢᠶᠠᠯᠠᠩ ᠤᠨ ᠠᠷᠠᠴᠢᠯᠠᠯᠲᠠ ᠶᠢᠨ ᠶᠠᠭᠠᠷᠠᠤ ᠤᠯᠠᠷᠢᠯ ᠪᠣᠯᠣᠨ᠎ᠠ᠃ ᠨᠠᠢᠮᠠᠨ ᠬᠤᠰᠢᠭᠤᠨ ᠤ ᠮᠢᠩ ᠷᠧᠨ ᠰᠤᠮᠤᠨ ᠤ ᠬᠤᠶᠢᠲᠤ ᠳ᠋ᠠ ᠳ᠋ᠧ ᠬᠤᠤ ᠲᠣᠰᠬᠤᠨ ᠤ ᠥᠷᠭᠡᠨ ᠠᠭᠤᠳᠠᠮ ᠲᠠᠷᠢᠶᠠᠨ ᠭᠠᠵᠠᠷ ᠲᠤ ᠲᠠᠷᠢᠶᠠᠯᠠᠩ ᠤᠨ ᠮᠠᠰᠢᠨ ᠨᠤᠭᠤᠳ ᠨᠠᠭᠠᠰᠢ ᠴᠠᠭᠠᠰᠢ ᠰᠦᠯᠵᠢᠯᠳᠦᠨ᠂ ᠡᠪᠡᠰᠦ ᠠᠷᠢᠯᠭᠠᠬᠤ ᠪᠤᠶᠤ ᠲᠠᠩᠨᠠᠬᠤ ᠵᠡᠷᠭᠡ ᠠᠵᠢᠯ ᠢ ᠠᠮᠵᠢᠭᠤᠯᠵᠠᠭᠠᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠤᠨ ᠦᠢᠯᠡᠴᠢᠯᠡᠭᠡ ᠬᠠᠩᠭᠠᠬᠤ ᠪᠠᠷ ᠭᠤᠣᠯ ᠪᠤᠯᠭᠠᠬᠰᠠᠨ ᠲᠠᠷᠢᠶᠠᠯᠠᠩ ᠤᠨ ᠮᠠᠰᠢᠨᠴᠢᠯᠠᠯᠲᠠ ᠶᠢᠨ ᠲᠤᠰᠬᠠᠢ ᠠᠵᠢᠯ ᠤᠨ ᠬᠤᠷᠰᠢᠶ᠎ᠠ ᠭᠡᠬᠦ ᠰᠢᠨ᠎ᠡ ᠪᠠᠷ ᠪᠤᠢ ᠪᠣᠯᠤᠭᠰᠠᠨ ᠵᠣᠬᠢᠶᠠᠨ ᠪᠠᠶᠢᠭᠤᠯᠤᠯᠲᠠ ᠲᠠᠰᠤᠷᠠᠯᠲᠠ ᠦᠭᠡᠢ ᠬᠥᠭᠵᠢᠵᠦ ᠪᠠᠶᠢᠨ᠎ᠠ᠃ ᠣᠲᠣ ᠪᠤᠯᠲᠠᠯ᠎ᠠ ᠨᠠᠢᠮᠠᠨ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 90.7% ᠳᠤ ᠬᠦᠷᠴᠦ᠂ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ 110 ᠪᠣᠯᠵᠤ᠂ ᠬᠥᠳᠡᠭᠡ ᠲᠤᠰᠬᠤᠨ ᠤ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ ᠪᠠᠶᠢᠨ᠎ᠠ᠃
6385516704226111172244313.png
      ᠰᠤᠷᠪᠤᠯᠵᠢᠯᠠᠬᠴᠢ ᠪᠤᠤ ᠴᠢᠩ ᠱᠧᠩ ᠰᠡᠭᠦᠳᠡᠷᠯᠡᠪᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号