ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/7/5
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠤᠷᠤᠨ ᠤ ᠲᠢᠩᠬᠢᠮ 2024 ᠣᠨ ᠤ 7 ᠰᠠᠷ᠎ᠠ ᠶᠢᠨ 5 ᠤ ᠡᠳᠦᠷ ᠤᠨ 10 ᠴᠠᠭ 00 ᠮᠢᠨᠦ᠋ᠲ ᠲᠤ ᠬᠠᠮᠲᠤᠷᠠᠨ ᠲᠥᠮᠥᠰᠥᠨ ᠤ ᠬᠢᠵᠢᠭ ᠡᠪᠡᠳᠴᠢᠨ ᠡᠭᠦᠰᠬᠦ ᠬᠠᠨᠳᠤᠰᠢ ᠶᠢᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ ᠢᠷᠡᠬᠦ‍ ᠨᠢᠭᠡ ᠭᠠᠷᠠᠭ ᠲᠤ᠂ ᠮᠠᠨ ᠤ ᠣᠷᠣᠨ ᠤ ᠬᠤᠷ᠎ᠠ ᠲᠤᠨᠤᠳᠠᠰᠤ ᠲᠠᠷᠠᠬᠠᠢ ᠪᠥᠭᠡᠳ ᠣᠯᠠᠨ ᠪᠠᠶᠢᠵᠤ᠂ ᠪᠥᠬᠦ ᠣᠷᠣᠨ ᠤ ᠶᠡᠬᠡᠩᠬᠢ ᠭᠠᠵᠠᠷ ᠲᠤ ᠴᠥᠮ ᠠᠳᠠᠯᠢ ᠪᠤᠰᠤ ᠬᠡᠮᠵᠢᠶ᠎ᠡ ᠪᠠᠷ ᠬᠤᠷ᠎ᠠ ᠲᠤᠨᠤᠳᠠᠰᠤ ᠣᠷᠣᠵᠤ᠂ ᠵᠡᠭᠦᠨ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠨᠡᠯᠢᠶᠡᠳ ᠶᠡᠭᠡ ᠪᠣᠯᠣᠨ᠎ᠠ᠃ ᠣᠳᠣᠬᠠᠨ ᠳᠤ᠂ ᠪᠥᠬᠦ ᠣᠷᠣᠨ ᠤ ᠶᠡᠬᠡᠩᠬᠢ ᠬᠡᠰᠡᠭ ᠲᠥᠮᠥᠰᠥ ᠨᠢ ᠴᠡᠴᠡᠭ ᠤᠨ ᠪᠠᠭ ᠪᠣᠶ ᠪᠣᠯᠣᠭᠠᠳ ᠴᠡᠴᠡᠭ ᠳᠡᠯᠭᠡᠷᠡᠬᠦ ᠱᠠᠲᠤᠨ ᠳᠤ ᠣᠷᠣᠵᠤ ︵ᠳᠠᠭᠠᠯᠳᠤᠭᠤᠯᠤᠯ ᠵᠢᠷᠤᠭ 1︶᠂ ᠲᠥᠮᠥᠰᠥᠨ ᠤ ᠬᠢᠵᠢᠭ ᠡᠪᠡᠳᠴᠢᠨ ᠤ ᠬᠠᠮᠤᠭ ᠤᠨ ᠠᠮᠠᠷᠬᠠᠨ ᠬᠠᠯᠳᠠᠪᠤᠷᠢᠯᠠᠬᠤ ᠬᠤᠭᠤᠴᠠᠭᠠᠨ ᠳᠤ ᠣᠷᠣᠭᠰᠠᠨ ᠪᠠᠶᠢᠨ᠎ᠠ᠃ ᠢᠷᠡᠭᠡᠳᠦᠢ ᠶᠢᠨ 7 ᠡᠳᠦᠷ ᠤᠨ ᠣᠶᠤᠨᠲᠤ ᠰᠦᠯᠵᠢᠶᠡᠨ ᠤ ᠤᠷᠢᠳᠴᠢᠯᠠᠨ ᠮᠡᠳᠡᠭᠡᠯᠡᠬᠦ ᠲᠤᠭ᠎ᠠ ᠪᠠᠷᠢᠮᠲᠠ ᠶᠢ ᠦᠨᠳᠦᠰᠦᠯᠡᠪᠡᠯ᠂ ᠲᠥᠮᠥᠰᠥᠨ ᠤ ᠬᠢᠵᠢᠭ ᠡᠪᠡᠳᠴᠢᠨ ᠤ ᠬᠠᠨᠳᠤᠰᠢ ᠶᠢᠨ ᠵᠢᠱᠢᠯᠲᠡ ᠶᠢᠨ ᠵᠠᠭᠪᠤᠷ ᠤᠨ ᠵᠠᠳᠠᠯᠤᠯᠲᠠ ᠶᠢᠨ ᠳ᠋ᠦᠩ ᠲᠠᠢ ᠤᠶᠠᠯᠳᠤᠭᠤᠯᠤᠨ᠂ ᠵᠢᠱᠢᠯᠲᠡ ᠪᠠᠷ 7 ᠰᠠᠷ᠎ᠠ ᠶᠢᠨ 5 ᠤ ᠡᠳᠦᠷ ᠠᠴᠠ 11 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠳᠤᠮᠳᠠ ᠡᠮᠦᠨᠡᠲᠦ ᠬᠡᠰᠡᠭ᠂ ᠬᠢᠩᠭᠠᠨ ᠠᠶᠢᠮᠠᠭ ᠤᠨ ᠡᠮᠦᠨ᠎ᠡ ᠬᠡᠰᠡᠭ᠂ ᠲᠦᠩᠯᠢᠶᠣᠣ ᠬᠤᠲᠠ ᠶᠢᠨ ᠡᠮᠦᠨ᠎ᠡ ᠬᠡᠰᠡᠭ᠂ ᠬᠥᠬᠡᠬᠤᠲᠠ ᠶᠢᠨ ᠳᠤᠮᠳᠠ ᠬᠡᠰᠡᠭ ᠤᠨ ᠪᠠᠷᠠᠭᠤᠨ ᠬᠡᠰᠡᠭ ᠵᠡᠷᠭᠡ ᠲᠥᠮᠥᠰᠥ ᠳᠠᠷᠢᠬᠤ ᠣᠷᠣᠨ ᠤ ᠣᠷᠣᠢ ᠶᠢᠨ ᠬᠢᠵᠢᠭ ᠡᠪᠡᠳᠴᠢᠨ ᠤ ᠡᠭᠦᠰᠬᠦ ᠬᠠᠨᠳᠤᠰᠢ ᠶᠢᠨ ᠴᠠᠭ ᠠᠭᠤᠷ ᠤᠨ ᠲᠦᠭᠰᠢᠭᠦᠷᠢ ᠶᠢᠨ ᠲᠠᠰ ᠨᠢ ᠳᠣᠣᠷ᠎ᠠ ᠪᠠᠶᠢᠵᠤ᠂ ᠡᠭᠦᠨ ᠳᠤ ᠬᠢᠩᠭᠠᠨ ᠠᠶᠢᠮᠠᠭ ᠤᠨ ᠡᠮᠦᠨ᠎ᠡ ᠬᠡᠰᠡᠭ ᠤᠨ ᠬᠡᠰᠡᠭ ᠭᠠᠵᠠᠷ ᠣᠷᠣᠨ᠂ ᠲᠦᠩᠯᠢᠶᠣᠣ ᠬᠤᠲᠠ ᠶᠢᠨ ᠵᠡᠭᠦᠨ ᠡᠮᠦᠨ᠎ᠡ ᠬᠡᠰᠡᠭ ᠨᠢ ᠳᠤᠮᠳᠠ ᠳᠡᠰ ᠤᠨ ᠲᠦᠭᠰᠢᠭᠦᠷᠢ  ᠲᠠᠢ ᠭᠠᠵᠠᠷ ᠣᠷᠣᠨ ᠪᠣᠯᠣᠨ᠎ᠠ ︵ᠳᠠᠭᠠᠯᠳᠤᠭᠤᠯᠤᠯᠵᠢᠷᠤᠭ 2︶᠃      ᠰᠡᠷᠭᠡᠶᠢᠯᠡᠬᠦ ᠠᠷᠭ᠎ᠠ ᠪᠣᠳᠣᠯᠭ᠎ᠠ᠄ ᠳᠡᠭᠡᠷ᠎ᠡ ᠳᠤᠷᠠᠳᠤᠭᠰᠠᠨ ᠲᠥᠮᠥᠰᠥᠨ ᠤ ᠬᠢᠵᠢᠭ ᠡᠪᠡᠳᠴᠢᠨ ᠳᠤ ᠨᠥᠯᠥᠭᠡᠯᠡᠭᠳᠡᠵᠦ ᠮᠡᠳᠡᠬᠦ ᠭᠠᠵᠠᠷ ᠣᠷᠣᠨ ᠤ ᠬᠢᠨ ᠲᠠᠷᠢᠶᠠᠴᠢᠨ ᠡᠷᠦᠭᠡ ᠶᠢ ᠤᠷᠢᠳᠴᠢᠯᠠᠨ ᠵᠢᠭᠠᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠬᠢᠨᠠᠨ ᠬᠡᠮᠵᠢᠯᠲᠡ ᠪᠠ ᠰᠡᠷᠭᠡᠶᠢᠯᠡᠨ ᠵᠠᠰᠠᠯᠲᠠ ᠶᠢ ᠴᠢᠩᠭᠠᠳᠬᠠᠵᠤ᠂ ᠡᠮ ᠤᠨ ᠨᠠᠶᠢᠷᠠᠯᠭ᠎ᠠ ᠪᠠ ᠡᠮᠨᠡᠨ ᠵᠠᠰᠠᠬᠤ ᠡᠮ ᠤᠨ ᠨᠠᠶᠢᠷᠠᠯᠭ᠎ᠠ ᠶᠢ ᠡᠭᠡᠯᠵᠢᠯᠡᠨ ᠭᠡᠷᠡᠭᠯᠡᠵᠦ ᠤᠷᠢᠳᠴᠢᠯᠠᠨ ᠰᠡᠷᠭᠡᠶᠢᠯᠡᠵᠦ ᠪᠣᠯᠣᠨ᠎ᠠ᠂ ᠡᠮ ᠬᠡᠷᠡᠭᠯᠡᠬᠦ ᠳᠤ ᠠᠯᠤᠰᠯᠠᠬᠤ ᠬᠤᠭᠤᠴᠠᠭ᠎ᠠ ᠶᠢ ᠪᠣᠷᠣᠭᠠᠨ ᠤ ᠪᠠᠶᠢᠳᠠᠯ ᠪᠠ ᠡᠮ ᠤᠨ ᠨᠠᠶᠢᠷᠠᠯᠭ᠎ᠠ ᠶᠢᠨ ᠦᠢᠯᠡᠳᠦᠯ ᠦᠵᠡᠭᠦᠯᠬᠦ ᠬᠤᠭᠤᠴᠠᠭ᠎ᠠ ᠶᠢ ᠦᠨᠳᠦᠰᠦᠯᠡᠨ ᠲᠣᠭᠲᠠᠭᠠᠵᠤ᠂ ᠡᠩ ᠤᠨ ᠪᠠᠶᠢᠳᠠᠯ ᠳᠤ 7 ᠡᠳᠦᠷ ᠣᠷᠴᠢᠮ ᠠᠯᠤᠰᠯᠠᠵᠤ ᠪᠣᠯᠣᠨ᠎ᠠ᠃ ᠪᠣᠷᠣᠭᠠᠨ ᠣᠷᠣᠬᠤ ᠠᠴᠠ ᠡᠮᠦᠨ᠎ᠡ ᠡᠮ ᠬᠡᠷᠡᠭᠯᠡᠬᠦ ᠠᠴᠠ ᠵᠠᠶᠢᠯᠠᠰᠬᠢᠵᠦ᠂ ᠡᠮ ᠬᠡᠷᠡᠭᠯᠡᠭᠰᠡᠨ ᠤ ᠳᠠᠷᠠᠭ᠎ᠠ 4 ᠴᠠᠭ ᠤᠨ ᠳᠣᠲᠣᠷ᠎ᠠ ᠪᠣᠷᠣᠭᠠᠨ ᠣᠷᠣᠪᠠᠯ ᠴᠠᠭ ᠲᠤᠬᠠᠢ ᠳᠤᠨᠢ ᠨᠥᠬᠦᠵᠦ ᠬᠡᠷᠡᠭᠯᠡᠬᠦ ᠬᠡᠷᠡᠭᠲᠡᠢ᠃ ᠤᠷᠭᠤᠮᠠᠯ ᠤᠨ ᠤᠷᠭᠤᠴᠠ ᠨᠢ ᠨᠡᠯᠢᠶᠡᠳ ᠪᠠᠭᠤᠷᠠᠢ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠨᠠᠪᠴᠢᠨ ᠤ ᠪᠣᠷᠳᠣᠭᠤᠷ ᠢ ᠰᠦᠷᠴᠢᠨ ᠣᠷᠣᠭᠤᠯᠪᠠᠯ ᠤᠷᠭᠤᠮᠠᠯ ᠤᠨ ᠡᠪᠡᠳᠴᠢᠨ ᠢ ᠡᠰᠡᠷᠭᠦᠴᠡᠬᠦ ᠴᠢᠳᠠᠯ ᠢ ᠨᠡᠮᠡᠭᠳᠡᠭᠦᠯᠳᠡᠭ᠃
66.1.png
           ᠳᠠᠭᠠᠯᠳᠤᠭᠤᠯᠤᠯ ᠵᠢᠷᠤᠭ 1 ᠥᠪᠥᠷ ᠮᠣᠩᠭᠤᠯ ᠣᠷᠣᠨ ᠤ ᠲᠥᠮᠥᠰᠥᠨ ᠤ ᠪᠤᠶᠢᠵᠢᠯᠲᠠ ᠶᠢᠨ ᠬᠤᠭᠤᠴᠠᠭ᠎ᠠ
66.2.png
           ᠳᠠᠭᠠᠯᠳᠤᠭᠤᠯᠤᠯ ᠵᠢᠷᠤᠭ 2  7 ᠰᠠᠷ᠎ᠠ ᠶᠢᠨ 5 ᠤ ᠡᠳᠦᠷ ᠠᠴᠠ 11 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠥᠮᠥᠰᠥᠨ ᠤ ᠬᠢᠵᠢᠭ ᠡᠪᠡᠳᠴᠢᠨ ᠤ ᠡᠭᠦᠰᠬᠦ ᠬᠠᠨᠳᠤᠰᠢ ᠶᠢᠨ ᠲᠤᠬᠠᠢ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号