ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ 2024 ᠣᠨ ᠤ ᠪᠥᠬᠦ ᠣᠷᠣᠨ ᠤ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/7/5
      ᠪᠥᠬᠦ ᠣᠷᠣᠨ ᠤ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠤᠬᠠᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠥᠮᠥᠨ ᠮᠠᠯ ᠳᠤ ᠬᠠᠮᠲᠤ ᠪᠠᠷ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠮᠢᠲᠠᠨ ᠤ ᠢᠷᠡᠯᠲᠡ ᠶᠢᠨ ᠴᠢᠨᠠᠷᠲᠠᠢ ᠢᠳᠡᠭᠡᠨ ᠤ ᠠᠮᠤᠷ ᠲᠦᠪᠰᠢᠨ ᠪᠠ ᠮᠠᠯ ᠡᠮᠨᠡᠯᠭᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠠᠴᠠ 7 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ ᠬᠥᠬᠡᠬᠤᠲᠠ ᠳᠤ ︽2024 ᠣᠨ ᠤ ᠪᠥᠬᠦ ᠣᠷᠣᠨ ᠤ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠯᠪᠠᠰᠤᠷᠠᠭᠤᠯᠤᠯ ᠤᠨᠠᠩᠭᠢ︾ ᠶᠢ ᠡᠷᠭᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠠᠮᠢᠲᠠᠨ ᠤ ᠭᠠᠯᠵᠠᠭᠤ ᠡᠪᠡᠳᠴᠢᠨ ᠳᠡᠯᠭᠡᠷᠡᠬᠦ ᠪᠠ ᠲᠡᠬᠦᠨ  ᠢ ᠰᠡᠷᠭᠡᠶᠢᠯᠡᠨ ᠡᠵᠡᠮᠳᠡᠬᠦ᠂ ᠪᠠᠭᠯᠠᠭᠴᠢ ᠬᠤᠷᠣᠬᠠᠢ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠦᠨᠡᠯᠡᠨ ᠵᠢᠱᠢᠬᠦ᠂ ᠪᠣᠭᠤᠮ᠎ᠠ ᠡᠪᠡᠳᠴᠢᠨ ᠤ ᠰᠡᠷᠭᠡᠶᠢᠯᠡᠨ ᠡᠵᠡᠮᠳᠡᠬᠦ ᠵᠢᠴᠢ ᠲᠡᠭᠦᠨ ᠢ ᠰᠢᠢᠳᠪᠦᠷᠢᠯᠡᠬᠦ᠂ ᠢᠮᠠᠭᠠᠨ ᠤ ᠬᠠᠯᠳᠠᠪᠤᠷᠢᠲᠤ ᠴᠢᠨᠠᠷᠲᠠᠢ ᠴᠡᠭᠡᠵᠢᠨ ᠪᠦᠷᠬᠦᠪᠴᠢ ᠶᠢᠨ ᠠᠭᠤᠰᠬᠢᠨ ᠦᠷᠪᠢᠰᠦᠯ ᠤᠨ ᠳᠡᠯᠭᠡᠷᠡᠬᠦ ᠵᠢᠴᠢ ᠰᠡᠷᠭᠡᠶᠢᠯᠡᠨ ᠡᠵᠡᠮᠳᠡᠬᠦ᠂ ᠠᠷᠢᠭᠤᠳᠬᠠᠬᠰᠠᠨ ᠲᠠᠯᠠᠪᠠᠶ ᠶᠢᠨ ᠬᠢᠵᠢᠭ ᠦᠭᠡᠢ ᠵᠢᠵᠢᠭ ᠲᠣᠭᠤᠷᠢᠭ ᠪᠠ ᠬᠢᠵᠢᠭ ᠦᠭᠡᠢ ᠣᠷᠣᠨ ᠤ ᠪᠦᠲᠦᠭᠡᠨ ᠪᠠᠶᠢᠭᠤᠯᠤᠯᠲᠠ ᠬᠢᠭᠡᠳ ᠦᠨᠡᠯᠡᠨ ᠵᠢᠱᠢᠯᠳᠠ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ  ᠢ ᠰᠡᠷᠭᠡᠶᠢᠯᠡᠨ ᠡᠵᠡᠮᠳᠡᠬᠦ ᠪᠠ ᠬᠤᠪᠢᠰᠤᠯ ᠵᠡᠷᠭᠡ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠯᠲᠠ ᠬᠢᠵᠡᠢ᠃      ᠪᠠᠴᠢᠮ ᠪᠥᠭᠡᠳ ᠡᠮᠬᠢ ᠵᠢᠷᠤᠮ ᠲᠠᠢ ᠪᠣᠯᠪᠠᠰᠤᠷᠠᠭᠤᠯᠤᠯ ᠢᠶᠠᠷ ᠳᠡᠮᠵᠢᠨ᠂ ᠪᠣᠯᠪᠠᠰᠤᠷᠠᠭᠤᠯᠤᠯ ᠳᠤ ᠣᠷᠣᠯᠴᠠᠭᠰᠠᠳ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠠᠴᠢ ᠬᠤᠯᠪᠣᠭᠳᠠᠯ ᠤᠨ ᠲᠤᠬᠠᠢ ᠰᠢᠨ᠎ᠡ ᠲᠠᠨᠢᠯᠲᠠ ᠲᠠᠢ ᠪᠣᠯᠵᠤ᠂ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯ ᠤᠨ ᠮᠡᠳᠡᠯᠭᠡ ᠵᠢᠴᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠢᠷᠢ ᠬᠡᠮᠵᠢᠶ᠎ᠡ ᠶᠢᠨ ᠲᠠᠯ᠎ᠠ ᠪᠠᠷ ᠤᠯᠠᠮ ᠨᠢᠭᠡ ᠠᠯᠬᠤᠮ ᠳᠡᠭᠡᠭᠰᠢᠯᠡᠭᠰᠡᠨ ᠪᠥᠭᠡᠳ ᠲᠠᠷᠠᠭᠠᠴᠢ ᠶᠢᠨ ᠠᠯᠬᠤᠮ ᠳᠤ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
67.1.jpg
67.2.jpg
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号