ᠵᠠᠷᠤᠳ ᠬᠤᠰᠢᠭᠤᠨ ᠤ ᠡᠯᠧᠺᠲᠷᠣᠨ ᠬᠤᠳᠠᠯᠳᠤᠭᠠᠨ ᠤ ᠲᠠᠪᠴᠠᠩ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/7/5
      ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢ ᠬᠥᠭᠵᠢᠭᠦᠯᠵᠦ᠂ ᠰᠦᠯᠵᠢᠶᠡᠨ ᠤ ᠡᠵᠡᠩᠨᠡᠨ ᠪᠣᠷᠣᠯᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠤᠨ᠂ ᠨᠤᠲᠤᠭ ᠤᠨ ᠣᠨᠴᠠ ᠭᠠᠷᠤᠯᠲᠠ ᠶᠢ ︽ᠢᠨᠲ᠋ᠧᠷ ᠰᠦᠯᠵᠢᠶ᠎ᠡ︾ ᠳᠤ ᠭᠠᠷᠭᠠᠭᠠᠳ᠂ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠂ ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠢᠨ᠎ᠡ ᠵᠠᠮ ᠢ ᠬᠠᠶᠢᠨ ᠰᠦᠪᠡᠭᠴᠢᠯᠡᠵᠦ ᠪᠤᠢ᠃      ᠣᠶᠢᠷ᠎ᠠ ᠳᠤ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠲᠣᠯᠣᠭᠠᠶᠢᠯᠠᠭᠤᠯᠤᠭᠰᠠᠨ ︽ᠲᠠᠨᠢᠯᠴᠠᠭᠤᠯᠬᠤ + ᠣᠷᠣᠨ ᠨᠤᠲᠤᠭ ᠤᠨ ᠰᠦᠯᠵᠢᠶᠡᠨ ᠣᠳᠣᠳ ᠰᠦᠯᠵᠢᠶ᠎ᠡ ᠪᠠᠷ ᠪᠠᠷᠠᠭ᠎ᠠ ᠪᠣᠷᠣᠯᠠᠭᠤᠯᠬᠤ︾ ᠭᠡᠯᠪᠡᠷᠢ ᠪᠠᠷ ᠵᠠᠷᠤᠳ ᠬᠤᠰᠢᠭᠤᠨ ᠤ ᠲᠠᠯ᠎ᠠ ᠨᠤᠲᠤᠭ ᠤᠨ ᠨᠠᠷᠠᠲᠤ ᠲᠡᠮᠳᠡᠭᠲᠦ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠤᠰᠬᠠᠢ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯᠲᠠᠨ᠂ ᠰᠦᠯᠵᠢᠶᠡᠨ ᠤᠳᠤᠨ ᠵᠡᠷᠭᠡ ᠶᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠳᠤ ᠤᠷᠢᠵᠤ᠂ ᠵᠠᠷᠤᠳ ᠬᠤᠰᠢᠭᠤᠨ ᠤ ᠲᠠᠯ᠎ᠠ ᠨᠤᠲᠤᠭ ᠤᠨ ᠨᠠᠷᠠᠲᠤ ᠲᠡᠮᠳᠡᠭᠲᠦ ᠪᠦᠲᠦᠭᠡᠭᠳᠡᠬᠦᠨ ᠢ ᠬᠠᠮᠲᠤ ᠪᠠᠷ ᠲᠠᠨᠢᠯᠴᠠᠭᠤᠯᠵᠤ᠂ ᠨᠡᠷ᠎ᠡ ᠠᠯᠳᠠᠷᠰᠢᠯ ᠢ ᠳᠡᠭᠡᠭᠰᠢᠯᠡᠭᠦᠯᠦᠭᠰᠡᠨ ᠪᠠᠶᠢᠨ᠎ᠠ᠃ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠳᠤ ︽ᠨᠤᠲᠤᠭ ᠤᠨ ᠣᠨᠴᠠ ᠭᠠᠷᠤᠯᠲᠠ︾᠂ ᠨᠡᠷᠡᠨ ᠬᠤᠸᠠᠷ ᠤᠨ ᠦᠷ᠎ᠡ᠂ ᠭᠦᠢᠯᠡᠰᠦᠨ ᠲᠣᠰᠣ᠂ ᠵᠠᠷᠤᠳ ᠤᠨ ᠨᠠᠷᠢᠮᠤ᠂ ᠵᠠᠷᠤᠳ ᠤᠨ ᠬᠤᠨᠢᠨ ᠤ ᠮᠢᠬ᠎ᠠ ᠵᠡᠷᠭᠡ ᠪᠦᠲᠦᠭᠡᠭᠳᠡᠬᠦᠨ ᠬᠠᠷᠠᠭ᠎ᠠ ᠳᠦᠭᠦᠷᠭᠡᠵᠦ᠂ ᠰᠦᠯᠵᠢᠶᠡᠨ ᠨᠡᠪᠲᠡᠷᠡᠭᠦᠯᠦᠭᠴᠢ ᠠᠴᠠ ᠳᠡᠯᠭᠡᠴᠡ ᠶᠢᠨ ᠡᠮᠦᠨᠡᠬᠢ ᠦᠵᠡᠭᠴᠢᠳ ᠲᠤ ᠵᠠᠷᠤᠳ ᠨᠤᠲᠤᠭ ᠤᠨ ᠣᠨᠴᠠᠯᠢᠭᠲᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠲᠠᠨᠢᠯᠴᠠᠭᠤᠯᠤᠨ ᠶᠠᠭᠠᠷᠠᠵᠠᠭᠠᠨ᠎ᠠ᠃      ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠦᠢᠯᠡᠰ ᠤᠨ ᠬᠥᠭᠵᠢᠯᠲᠡ ᠶᠢ ᠳᠠᠭᠠᠯᠳᠤᠨ᠂ ᠮᠠᠰᠢ ᠤᠯᠠᠨ ᠲᠠᠷᠢᠶᠠᠴᠢᠳ ᠰᠦᠯᠵᠢᠶᠡᠨ ᠤ ᠭᠤᠣᠯ ᠨᠡᠪᠲᠡᠷᠡᠭᠦᠯᠦᠭᠴᠢ ᠪᠣᠯᠵᠤ᠂ ᠥᠪᠡᠷ ᠤᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢᠶᠠᠨ ᠬᠤᠳᠠᠯᠳᠤᠵᠤ ᠪᠠᠶᠢᠬᠤ ᠪᠠᠷ ᠪᠠᠷᠠᠬᠤ ᠦᠭᠡᠢ ᠪᠠᠰᠠ ︽ᠨᠤᠲᠤᠭ ᠤᠨ ᠣᠨᠴᠠ ᠭᠠᠷᠤᠯᠲᠠ︾ ᠪᠠᠨ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ ᠣᠷᠣᠯᠭ᠎ᠠ ᠪᠠᠨ ᠨᠡᠮᠡᠭᠳᠡᠭᠦᠯᠵᠦ ᠪᠠᠶᠢᠨ᠎ᠠ᠃ ᠵᠠᠷᠤᠳ ᠬᠤᠰᠢᠭᠤᠨ ᠤ ᠬᠤᠩᠬᠠᠲᠤ ᠠᠭᠤᠯᠠ ᠪᠠᠯᠭᠠᠰᠤᠨ ᠤ ᠰᠠᠭᠤᠭᠠᠯᠢ ᠠᠷᠠᠳ ᠵᠧᠩ ᠯᠧᠢ ᠪᠣᠯ ᠲᠡᠭᠦᠨ ᠤ ᠳᠣᠲᠣᠷᠠᠬᠢ ᠨᠢᠭᠡ ᠨᠢ ᠪᠢᠯᠡ᠂ ᠵᠠᠷᠢᠮ ᠳᠠᠭᠠᠨ ᠲᠡᠷᠡ ᠳᠥᠷᠪᠡᠨ ᠴᠠᠭ ᠤᠨ ᠰᠢᠭᠤᠳ ᠨᠡᠪᠲᠡᠷᠡᠭᠦᠯᠭᠡ ᠬᠢᠵᠦ᠂ 5000 ᠭᠠᠷᠤᠢ ᠵᠠᠬᠢᠶᠠᠯᠠᠭ᠎ᠠ ᠶᠢᠨ ᠬᠠᠭᠤᠳᠠᠰᠤ ᠲᠤᠰᠳᠠᠭ᠃ ︽ᠰᠢᠭᠤᠳ ᠨᠡᠪᠲᠡᠷᠡᠭᠦᠯᠭᠡ ᠪᠠᠷ ᠥᠪᠡᠷ ᠤᠨ ᠦᠢᠯᠡᠳᠪᠦᠷᠢᠯᠡᠭᠰᠡᠨ ᠪᠦᠲᠦᠭᠡᠭᠳᠡᠬᠦᠨ᠂ ᠨᠤᠲᠤᠭ ᠤᠰᠤᠨ ᠤ ᠪᠠᠨ ᠣᠨᠴᠠ ᠭᠠᠷᠤᠯᠲᠠ ᠶᠢ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ ᠪᠠᠶᠢᠭ᠎ᠠ ᠳᠠᠭᠠᠨ ᠪᠢ ᠮᠠᠰᠢ ᠣᠮᠣᠭᠰᠢᠵᠤ ᠪᠠᠶᠢᠨ᠎ᠠ᠂ ᠬᠤᠶᠢᠰᠢᠳᠠ ᠲᠠᠰᠣᠷᠠᠯᠳᠠ ᠦᠭᠡᠢ ᠴᠢᠷᠮᠠᠶᠢᠨ᠂ ᠵᠠᠷᠤᠳ ᠬᠤᠰᠢᠭᠤᠨ ᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠬᠦᠴᠦᠨ ᠨᠡᠮᠡᠷᠢᠯᠡᠬᠦ ᠪᠠᠷ ᠴᠢᠷᠮᠠᠶᠢᠨ᠎ᠠ︾ ᠭᠡᠵᠦ ᠵᠧᠩ ᠯᠧᠢ ᠶᠠᠷᠢᠵᠤ ᠪᠠᠶᠢᠯ᠎ᠠ᠃      ᠮᠠᠰᠢ ᠠᠷᠪᠢᠨ ︽ᠨᠤᠲᠤᠭ ᠤᠨ ᠣᠨᠴᠠ ᠭᠠᠷᠤᠯᠲᠠ︾ ᠶᠢᠨ ᠳᠣᠲᠣᠷ᠎ᠠ ᠶᠢᠩ ᠽᠢ ᠭᠦᠢᠯᠡᠰᠦᠨ ᠲᠣᠰᠣ ᠪᠣᠯ ᠵᠠᠷᠤᠳ ᠬᠤᠰᠢᠭᠤᠨ ᠤ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠲᠥᠯᠥᠭᠡᠯᠡᠬᠦ ᠴᠢᠨᠠᠷᠲᠠᠢ ᠣᠨᠴᠠ ᠭᠠᠷᠤᠯᠲᠠ ᠶᠢᠨ ᠨᠢᠭᠡ ᠪᠣᠯᠣᠨ᠎ᠠ᠃ ᠵᠠᠷᠤᠳ ᠬᠤᠰᠢᠭᠤ ᠪᠣᠯ ᠪᠦᠭᠦ ᠤᠯᠤᠰ ᠲᠤ ᠠᠯᠳᠠᠷᠰᠢᠭᠰᠠᠨ ᠠᠭᠤᠯᠠᠨ ᠭᠦᠢᠯᠡᠰᠦᠨ ᠤ ᠨᠤᠲᠤᠭ ᠪᠣᠯᠣᠨ᠎ᠠ᠂ ᠶᠢᠩ ᠽᠢ ᠭᠦᠢᠯᠡᠰᠦᠨ ᠲᠣᠰᠣ ᠪᠣᠯ ᠵᠠᠷᠤᠳ ᠬᠤᠰᠢᠭᠤᠨ ᠤ ᠬᠡᠭᠡᠷ᠎ᠡ ᠶᠢᠨ ᠭᠦᠢᠯᠡᠰᠦᠨ ᠴᠥᠮ᠎ᠡ ᠶᠢ ᠰᠢᠬᠠᠭᠰᠠᠨ ᠢᠳᠡᠭᠡᠨ ᠤ ᠵᠦᠢᠯ ᠪᠠᠶᠢᠵᠤ᠂ ᠡᠷᠡᠭᠦᠯᠵᠢᠯ ᠤᠨ ᠦᠨ᠎ᠡ ᠴᠠᠨ᠎ᠠ ᠪᠠᠷ ᠨᠡᠯᠢᠶᠡᠳ ᠥᠨᠳᠥᠷ ᠪᠠᠶᠢᠳᠠᠭ᠃ ᠲᠣᠰ ᠤᠳᠠᠭᠠᠨ ᠤ ᠰᠢᠭᠤᠳ ᠨᠡᠪᠲᠡᠷᠡᠭᠦᠯᠭᠡ ᠳᠤ ᠨᠡᠶᠢᠲᠡ 900 ᠭᠠᠷᠤᠢ ᠬᠤᠪᠢ ᠭᠦᠢᠯᠡᠰᠦᠨ ᠲᠣᠰᠣ ᠪᠣᠷᠣᠯᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号