ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠥᠬᠦ ᠬᠤᠲᠠ ᠶᠢᠨ ᠨᠢᠭᠡᠳᠦᠭᠡᠷ ᠠᠵᠤ ᠦᠢᠯᠡᠰ ᠤᠨ ᠬᠦᠷᠢᠶ᠎ᠡ ᠴᠠᠷᠠᠭᠠᠨ ᠳᠠᠬᠢ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/7/8
      2024 ᠣᠨ ᠤ ᠳᠡᠭᠡᠷ᠎ᠡ ᠬᠠᠭᠠᠰ ᠵᠢᠯ ᠤᠨ ᠪᠦᠬᠦ ᠬᠤᠳᠠ ᠶᠢᠨ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ ᠰᠢᠨᠵᠢᠯᠡᠬᠦ ᠤᠬᠠᠭᠠᠨᠴᠢ ᠪᠠᠷ ᠵᠠᠳᠠᠯᠬᠤ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠤᠯᠠᠭᠠᠨᠬᠠᠳᠠ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠦᠬᠦ ᠬᠤᠳᠠ ᠶᠢᠨ ᠨᠢᠭᠡᠳᠦᠭᠡᠷ ᠠᠵᠤ ᠦᠢᠯᠡᠰ ᠤᠨ ᠬᠦᠷᠢᠶ᠎ᠡ ᠴᠠᠷᠠᠭᠠᠨ ᠤ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠭᠤᠯᠪᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠳᠠᠬᠢ ᠪᠠᠶᠢᠴᠠᠭᠠᠬᠤ ᠠᠩᠭᠢ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃ 
图片1.png
       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠶᠢᠮᠠᠭ ᠬᠤᠲᠠ ᠬᠤᠪᠢᠶᠠᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠲᠣᠭᠠᠴᠠᠭ᠎ᠠ ᠬᠢᠬᠦ ᠲᠤᠬᠠᠢ ᠠᠵᠢᠯ ᠤᠨ ᠪᠣᠳᠠᠲᠠᠢ ᠱᠠᠭᠠᠷᠳᠠᠯᠭ᠎ᠠ ᠶᠢ ᠤᠯᠠᠮᠵᠢᠯᠠᠵᠤ᠂ ᠠᠵᠢᠯ ᠲᠥᠷᠥᠯ ᠬᠤᠪᠢᠶᠠᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠲᠣᠭᠠᠴᠠᠭ᠎ᠠ ᠬᠢᠬᠦ ᠬᠠᠮᠢᠶ᠎ᠠ ᠪᠦᠬᠦᠢ ᠮᠡᠳᠡᠯᠭᠡ ᠳᠤ ᠰᠢᠰᠲ᠋ᠧᠮ ᠲᠠᠢ ᠪᠣᠯᠪᠠᠰᠤᠷᠠᠭᠤᠯᠤᠯ ᠬᠢᠪᠡ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠳᠠᠬᠢ ᠪᠠᠶᠢᠴᠠᠭᠠᠬᠤ ᠠᠩᠭᠢ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠲᠣᠰ ᠲᠣᠰ ᠥᠪᠡᠷ ᠤᠨ ᠬᠦᠷᠢᠶ᠎ᠡ ᠴᠠᠷᠠᠭᠠᠨ ᠳᠠᠬᠢ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠪᠠᠶᠢᠳᠠᠯ ᠪᠠ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠳᠡᠭᠡᠷ᠎ᠡ ᠬᠠᠭᠠᠰ ᠵᠢᠯ ᠤᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠰᠠᠨᠠᠭᠤᠯᠭ᠎ᠠ ᠶᠢ ᠬᠠᠮᠲᠤ ᠪᠠᠷ ᠰᠤᠳᠤᠯᠤᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠲᠣᠭᠲᠠᠭᠠᠯ ᠶᠣᠰᠣᠭᠠᠷ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠥᠷᠨᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠪᠡ᠃      ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢᠭᠡᠳᠦᠭᠡᠷ ᠠᠵᠤ ᠦᠢᠯᠡᠰ ᠤᠨ ᠬᠦᠷᠢᠶ᠎ᠡ ᠴᠠᠷᠠᠭᠠᠨ ᠳᠠᠬᠢ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯ ᠤᠨ ᠬᠤᠷᠠᠯ ᠤᠨ ᠲᠣᠭᠲᠠᠴᠠ ᠶᠢ ᠪᠠᠶᠢᠩᠭᠤᠵᠢᠭᠤᠯᠤᠨ ᠠᠵᠢᠯᠯᠠᠭᠤᠯᠬᠤ ᠶᠢ ᠦᠷᠭᠦᠯᠵᠢᠯᠡᠨ ᠬᠠᠮᠵᠢᠯᠴᠠᠨ ᠠᠬᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠪᠦᠷᠢᠨ ᠪᠦᠲᠦᠨ᠂ ᠣᠨᠣᠪᠴᠢᠲᠠᠶ᠂ ᠴᠠᠭ ᠬᠤᠭᠤᠴᠠᠭᠠᠲᠤ ᠴᠢᠨᠠᠷ ᠢᠶᠠᠷ ᠴᠢᠩᠭ᠎ᠠ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠬᠠᠩᠭᠠᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号