ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ GSP ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/8
      ︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠨᠠᠷᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GSP ᠪᠠᠶᠢᠴᠠᠭᠠᠵᠤ ᠰᠢᠯᠭᠠᠨ ᠠᠪᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠥᠪᠥᠷ ᠮᠣᠩᠭᠤᠯ ᠤᠨ ᠵᠢᠩ ᠬᠤᠸᠠ ᠮᠠᠯ ᠤᠨ ᠡᠮ ᠤᠨ ᠬᠢᠵᠠᠭᠠᠷᠲᠤ ᠺᠣᠮᠫᠠᠨᠢ᠂ ᠵᠠᠷᠤᠳ ᠬᠤᠰᠢᠭᠤᠨ ᠤ ᠰᠢᠨ ᠢ ᠺᠠᠩ ᠮᠠᠯ ᠤᠨ ᠡᠮ ᠤᠨ ᠬᠢᠵᠠᠭᠠᠷᠲᠤ ᠺᠣᠮᠫᠠᠨᠢ᠂ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠪᠠᠶᠠᠨᠲᠤᠬᠤᠢ ᠪᠠᠯᠭᠠᠰᠤ ᠶᠢᠨ ᠶᠡᠭᠡ ᠰᠠᠶᠢᠨ ᠮᠠᠯ ᠤᠨ ᠡᠮ ᠤᠨ ᠳᠡᠯᠭᠡᠭᠦᠷ᠂ ᠵᠠᠯᠠᠨ ᠠᠶᠢᠯ ᠬᠤᠲᠠ ᠶᠢᠨ ᠸᠠᠩ ᠺᠠᠩ ᠮᠠᠯ ᠤᠨ ᠡᠮ ᠤᠨ ᠳᠡᠯᠭᠡᠭᠦᠷ᠂ ᠵᠠᠯᠠᠨ ᠠᠶᠢᠯ ᠬᠤᠲᠠ ᠶᠢᠨ ᠴᠢᠩᠬᠢᠰ ᠬᠠᠭᠠᠨ ᠪᠠᠯᠭᠠᠰᠤ ᠶᠢᠨ ᠲᠦᠪ ᠮᠠᠯ ᠤᠨ ᠡᠮ ᠤᠨ ᠳᠡᠯᠭᠡᠭᠦᠷ᠂ ᠵᠠᠯᠠᠨ ᠠᠶᠢᠯ ᠬᠤᠲᠠ ᠶᠢᠨ ᠾᠧ ᠱᠧᠩ ᠲᠠᠩ ᠮᠠᠯ ᠤᠨ ᠡᠮ ᠤᠨ ᠳᠡᠯᠭᠡᠭᠦᠷ᠂ ᠪᠠᠶᠠᠨᠨᠠᠭᠤᠷ ᠬᠤᠲᠠ ᠶᠢᠨ ᠶᠡᠭᠡ ᠰᠠᠶᠢᠨ ᠮᠠᠯ ᠤᠨ ᠡᠮ ᠤᠨ ᠳᠡᠯᠭᠡᠭᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢᠨ ᠪᠠᠶᠠᠨᠴᠠᠭᠠᠨ ᠪᠠᠯᠭᠠᠰᠤ ᠶᠢᠨ ᠮᠦ ᠶᠤᠸᠠᠨ ᠮᠠᠯ ᠤᠨ ᠡᠮ ᠤᠨ ᠡᠵᠡᠩᠨᠡᠯᠲᠡ ᠶᠢᠨ ᠳᠡᠯᠭᠡᠭᠦᠷ᠂ ᠥᠪᠥᠷ ᠮᠣᠩᠭᠤᠯ ᠤᠨ ᠬᠤᠸᠠ ᠰᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠲᠤᠭ ᠤᠨ ᠡᠮᠦᠨᠡᠲᠦ ᠬᠤᠰᠢᠭᠤᠨ ᠤ ᠵᠠᠩ ᠮᠠᠯ ᠡᠮᠨᠡᠯᠭᠡ ᠶᠢᠨ ᠡᠮ ᠤᠨ ᠳᠡᠯᠭᠡᠭᠦᠷ᠂ ᠲᠦᠩᠯᠢᠶᠣᠣ ᠬᠤᠲᠠ ᠶᠢᠨ ᠵᠥᠩ ᠪᠠᠩ ᠵᠢᠶᠠ ᠾᠧ ᠮᠠᠯ ᠤᠨ ᠡᠮ ᠤᠨ ᠬᠢᠵᠠᠭᠠᠷᠲᠤ ᠺᠣᠮᠫᠠᠨᠢ᠂ ᠳᠠᠯᠠᠳ ᠬᠤᠰᠢᠭᠤᠨ ᠤ ᠵᠧᠩ ᠤᠣ ᠮᠠᠯ ᠤᠨ ᠡᠮ ᠤᠨ ᠡᠵᠡᠩᠨᠡᠨ ᠪᠣᠷᠣᠯᠠᠭᠤᠯᠬᠤ ᠭᠠᠵᠠᠷ ᠵᠡᠷᠭᠡ 12 ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠪᠡ᠃ ᠡᠳᠦᠭᠡ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ᠃      ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 7 ᠰᠠᠷ᠎ᠠ ᠶᠢᠨ 6 ᠤ ᠡᠳᠦᠷ ᠠᠴᠠ 7 ᠰᠠᠷ᠎ᠠ ᠶᠢᠨ 12 ᠤᠨ ᠡᠳᠦᠷ ᠪᠣᠯᠲᠠᠯ᠎ᠠ᠃ ᠬᠡᠷᠪᠡ ᠤᠨᠳᠤᠤ ᠰᠠᠨᠠᠯ ᠪᠠᠶᠢᠪᠠᠯ ᠰᠠᠨᠠᠯ ᠰᠠᠨᠠᠭᠤᠯᠭ᠎ᠠ ᠪᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ᠃ ᠬᠠᠷᠢᠯᠴᠠᠬᠤ ᠠᠷᠭ᠎ᠠ ᠨᠢ ᠳᠣᠣᠷᠠᠬᠢ ᠮᠡᠲᠦ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471 - 6651798      ᠹᠠᠺᠰ᠄ 0471 - 6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠤᠮᠧᠷ       ᠳᠠᠭᠠᠯᠳᠤᠭᠤᠯᠤᠯ᠄ ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ GSP ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠵᠠᠷᠯᠠᠨ ᠨᠡᠶᠢᠲᠡᠯᠡᠭᠰᠡᠨ ᠬᠦᠰᠦᠨᠦᠭᠲᠦ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 7 ᠰᠠᠷ᠎ᠠ ᠶᠢᠨ 6 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号