ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ 2024 ᠣᠨ ᠤ 7 ᠰᠠᠷ᠎ᠠ ᠶᠢᠨ 8 ᠤ ᠡᠳᠦᠷ ᠤᠨ 10 ᠴᠠᠭ 00 ᠮᠢᠨᠦ᠋ᠲ ᠲᠤ ᠬᠠᠮᠲᠤᠷᠠᠨ | ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ | ᠮᠡᠳᠡᠭᠡᠯᠡᠪᠡ᠃ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠮᠡᠳᠡᠭᠡ ᠶᠢ | ᠦᠨᠳᠦᠰᠦᠯᠡᠪᠡᠯ᠂ ᠵᠢᠱᠢᠯᠲᠡ ᠪᠠᠷ 7 ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠪᠠᠷᠠᠭᠤᠨ ᠬᠡᠰᠡᠭ ᠪᠠ | ᠵᠡᠭᠦᠨ ᠬᠡᠰᠡᠭ ᠤᠨ ᠬᠡᠰᠡᠭ ᠭᠠᠵᠠᠷ ᠣᠷᠣᠨ ᠳᠤ 35℃ ᠵᠢᠴᠢ ᠲᠡᠭᠦᠨ ᠠᠴᠠ ᠳᠡᠭᠡᠭᠰᠢ ᠥᠨᠳᠥᠷ ᠬᠠᠯᠠᠭᠤᠨ ᠠᠭᠤᠷ | ᠠᠮᠢᠰᠬᠤᠯ ᠢᠯᠡᠷᠡᠵᠦ᠂ ᠬᠡᠰᠡᠭ ᠭᠠᠵᠠᠷ ᠲᠤ 37℃ ᠵᠢᠴᠢ ᠲᠡᠭᠦᠨ ᠠᠴᠠ ᠳᠡᠭᠡᠭᠰᠢ ᠥᠨᠳᠥᠷ ᠬᠠᠯᠠᠭᠤᠨ ᠠᠭᠤᠷ | ᠠᠮᠢᠰᠬᠤᠯ ᠢᠯᠡᠷᠡᠬᠦ ᠪᠣᠯᠣᠨ᠎ᠠ᠃ | ᠢᠷᠡᠭᠡᠳᠦᠢ ᠶᠢᠨ 7 ᠡᠳᠦᠷ ᠤᠨ ᠣᠶᠤᠨᠴᠢ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢᠨ ᠲᠤᠭ᠎ᠠ | ᠪᠠᠷᠢᠮᠲᠠ ᠶᠢ ᠦᠨᠳᠦᠰᠦᠯᠡᠪᠡᠯ᠂ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠭᠦᠢᠴᠡᠳᠬᠡᠯ | ᠲᠤᠭ᠎ᠠ ᠲᠠᠢ ᠤᠶᠠᠯᠳᠤᠭᠤᠯᠤᠨ᠂ ᠢᠷᠡᠭᠡᠳᠦᠢ ᠶᠢᠨ 3 ᠡᠳᠦᠷ ᠲᠤ ᠪᠠᠷᠠᠭᠤᠨ ᠬᠡᠰᠡᠭ ᠪᠠ ᠵᠡᠭᠦᠨ ᠬᠡᠰᠡᠭ ᠤᠨ ᠬᠡᠰᠡᠭ | ᠭᠠᠵᠠᠷ ᠣᠷᠣᠨ ᠳᠤ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠭᠠᠷᠬᠤ ᠪᠣᠯᠣᠨ᠎ᠠ᠃ 7 ᠰᠠᠷ᠎ᠠ ᠶᠢᠨ | 9 ᠤ ᠡᠳᠦᠷ᠂ ᠠᠯᠠᠱᠠ ᠠᠶᠢᠮᠠᠭ ᠤᠨ ᠬᠡᠰᠡᠭ ᠭᠠᠵᠠᠷ ᠣᠷᠣᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠪᠤᠭᠤᠲᠤ | ᠬᠤᠲᠠ ᠶᠢᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠪᠣᠯ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ | ᠭᠠᠮᠰᠢᠭ ᠪᠠᠭ᠎ᠠ ᠠᠶᠤᠯ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 7 ᠰᠠᠷ᠎ᠠ ᠶᠢᠨ 10 ᠤ ᠡᠳᠦᠷ᠂ ᠳᠡᠭᠡᠷ᠎ᠡ | ᠳᠤᠷᠠᠳᠤᠭᠰᠠᠨ ᠭᠠᠵᠠᠷ ᠣᠷᠣᠨ ᠤ ᠰᠠᠭᠤᠷᠢᠨ ᠳᠡᠭᠡᠷ᠎ᠡ᠂ ᠣᠷᠳᠣᠰ ᠬᠤᠲᠠ ᠶᠢᠨ ᠬᠡᠰᠡᠭ ᠭᠠᠵᠠᠷ ᠣᠷᠣᠨ ᠢ | ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠢᠶᠠᠷ ᠪᠠᠭ᠎ᠠ ᠠᠶᠤᠯ ᠲᠦᠭᠰᠢᠭᠦᠷᠢ ᠲᠠᠢ ᠭᠠᠵᠠᠷ ᠣᠷᠣᠨ | ᠪᠣᠯᠭᠠᠨ ᠰᠢᠨ᠎ᠡ ᠪᠠᠷ ᠨᠡᠮᠡᠪᠡ︔ ᠵᠢᠱᠢᠯᠲᠡ ᠪᠠᠷ 7 ᠰᠠᠷ᠎ᠠ ᠶᠢᠨ 11 ᠤ ᠡᠳᠦᠷ᠂ ᠪᠤᠭᠤᠳᠠᠢ ᠶᠢᠨ ᠬᠠᠭᠤᠷᠠᠢ ᠬᠠᠯᠠᠭᠤᠨ | ᠰᠠᠯᠬᠢᠨ ᠤ ᠭᠠᠮᠰᠢᠭ ᠡᠭᠦᠰᠬᠦ ᠣᠷᠣᠨ ᠪᠦᠰᠡ ᠥᠷᠭᠡᠵᠢᠬᠦ ᠪᠣᠯᠣᠨ᠎ᠠ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠤ | ᠰᠠᠭᠤᠷᠢᠨ ᠳᠡᠭᠡᠷ᠎ᠡ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠬᠢᠭᠡᠳ ᠬᠢᠩᠭᠠᠨ ᠠᠶᠢᠮᠠᠭ ᠤᠨ ᠡᠮᠦᠨᠡᠲᠦ | ᠬᠡᠰᠡᠭ ᠤᠨ ᠬᠡᠰᠡᠭ ᠭᠠᠵᠠᠷ ᠣᠷᠣᠨ ᠢ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠲᠦᠭᠰᠢᠭᠦᠷᠢ | ᠪᠠᠭᠠᠲᠠᠢ ᠭᠠᠵᠠᠷ ᠣᠷᠣᠨ ᠪᠣᠯᠭᠠᠨ ᠰᠢᠨ᠎ᠡ ᠪᠠᠷ ᠨᠡᠮᠡᠪᠡ ︵ᠵᠢᠷᠤᠭ 1︶᠃ ᠣᠳᠣᠬᠠᠨ ᠳᠤ᠂ ᠮᠠᠨ ᠤ ᠣᠷᠣᠨ ᠤ ᠶᠡᠬᠡᠩᠬᠢ | ᠲᠠᠷᠢᠶᠠᠯᠠᠬᠤ ᠣᠷᠣᠨ ᠤ ᠬᠠᠪᠤᠷ ᠤᠨ ᠪᠤᠭᠤᠳᠠᠢ ᠢᠳᠡᠭᠡᠰᠢᠵᠦ ᠪᠣᠯᠪᠠᠰᠤᠷᠠᠬᠤ ᠬᠤᠭᠤᠴᠠᠭᠠᠨ ᠳᠤ ᠣᠷᠣᠰᠢᠵᠤ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠡᠰᠡᠭ ᠭᠠᠵᠠᠷ ᠣᠷᠣᠨ ᠨᠢᠭᠡᠨᠲᠡ ᠪᠣᠯᠪᠠᠰᠤᠷᠠᠬᠤ ᠬᠤᠭᠤᠴᠠᠭᠠᠨ ᠳᠤ | ᠣᠷᠣᠵᠤ᠂ ᠬᠠᠭᠤᠷᠠᠢ ᠬᠠᠯᠠᠭᠤᠨ ᠰᠠᠯᠬᠢ ᠨᠢ ᠬᠤᠷᠠᠵᠤ ᠢᠳᠡᠭᠡᠰᠢᠬᠦ ᠬᠤᠭᠤᠴᠠᠭ᠎ᠠ ᠶᠢ ᠪᠣᠭᠤᠨᠢᠰᠬᠠᠵᠤ᠂ ᠮᠢᠩᠭᠠᠨ | ᠮᠥᠬᠦᠯᠢᠭ ᠤᠨ ᠬᠦᠨᠳᠦᠴᠡ ᠶᠢ ᠪᠠᠭᠤᠷᠠᠭᠤᠯᠬᠤ ᠶᠢᠨ ᠤᠯᠠᠮ ᠠᠴᠠ ᠬᠠᠪᠤᠷ ᠤᠨ ᠪᠤᠭᠤᠳᠠᠢ ᠶᠢᠨ ᠤᠨᠠᠯᠲᠠ ᠶᠢ | ᠨᠥᠯᠥᠭᠡᠯᠡᠵᠦ᠂ ᠴᠢᠭᠢᠭ ᠤᠨ ᠪᠠᠶᠢᠳᠠᠯ ᠢᠶᠠᠷ ᠪᠠᠷᠤᠭᠲᠠᠢ ᠭᠠᠵᠠᠷ ᠤᠨ ᠨᠥᠯᠥᠭᠡ ᠨᠢ ᠨᠡᠩ ᠶᠡᠭᠡ ᠪᠠᠶᠢᠳᠠᠭ᠃ | ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ᠄ ᠲᠠᠷᠢᠶᠠᠨ ᠭᠠᠵᠠᠷ ᠤᠨ ᠬᠠᠯᠬᠠᠪᠴᠢ ᠣᠶ ᠶᠢᠨ ᠪᠦᠰᠡ ᠶᠢ | ᠪᠠᠶᠢᠭᠤᠯᠵᠤ᠂ ᠰᠠᠯᠬᠢᠨ ᠤ ᠬᠤᠷᠳᠤᠴᠠ ᠶᠢ ᠪᠠᠭᠤᠷᠠᠭᠤᠯᠤᠨ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠵᠤ᠂ ᠬᠠᠷᠢᠴᠠᠩᠭᠤᠢ | ᠴᠢᠭᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠳᠡᠭᠡᠷᠡᠬᠢ ᠤᠰᠤᠨ ᠤ ᠠᠭᠤᠷᠰᠢᠯᠲᠠ ᠶᠢ ᠪᠠᠭᠠᠰᠬᠠᠵᠤ᠂ | ᠬᠥᠷᠥᠰᠥᠨ ᠤ ᠤᠰᠤᠨ ᠤ ᠠᠭᠤᠯᠤᠭᠳᠠᠴᠠ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ ᠤᠰᠤᠯᠠᠬᠤ | ︵ᠤᠰᠤᠯᠠᠬᠤ᠂ ᠰᠦᠷᠴᠢᠨ ᠤᠰᠤᠯᠠᠬᠤ︶ ᠳᠤ ᠲᠦᠬᠦᠮ ᠪᠣᠯᠭᠠᠨ᠎ᠠ᠃ ᠬᠠᠭᠤᠷᠠᠢ ᠬᠠᠯᠠᠭᠤᠨ ᠰᠠᠯᠬᠢ ᠢᠷᠡᠬᠦ ᠠᠴᠠ ᠡᠮᠦᠨ᠎ᠡ | ᠲᠣᠬᠢᠷᠠᠮᠵᠢᠲᠠᠢ ᠦᠶ᠎ᠡ ᠳᠤ ᠤᠰᠤᠯᠠᠯᠲᠠ ᠶᠢᠨ ᠭᠠᠵᠠᠷ ᠤᠨ ᠤᠰᠤ ᠶᠢ ᠭᠦᠢᠴᠡᠳ ᠤᠰᠤᠯᠠᠵᠤ᠂ ᠬᠥᠷᠥᠰᠥ ᠰᠢᠷᠣᠢ | ᠲᠠᠷᠢᠶᠠᠨ ᠭᠠᠵᠠᠷ ᠤᠨ ᠠᠭᠤᠷ ᠠᠮᠢᠰᠬᠤᠯ ᠢ ᠰᠠᠶᠢᠵᠢᠷᠠᠭᠤᠯᠤᠨ᠂ ᠬᠥᠷᠥᠰᠥᠨ ᠤ ᠴᠢᠭᠢᠭᠯᠢᠭ ᠤᠨ ᠬᠡᠮᠵᠢᠶ᠎ᠡ ᠶᠢ | ᠨᠡᠮᠡᠭᠳᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠪᠦᠲᠦᠮᠵᠢᠲᠡᠶ ᠬᠤᠷᠢᠭᠯᠠᠬᠤ ᠬᠡᠷᠡᠭᠲᠡᠢ᠃ ᠪᠤᠭᠤᠳᠠᠢ ᠶᠢᠨ ︽ᠨᠢᠭᠡ ᠶᠢ | ᠰᠦᠷᠴᠢᠵᠦ ᠭᠤᠷᠪᠠ ᠶᠢ ᠰᠡᠷᠭᠡᠶᠢᠯᠡᠬᠦ︾ ᠲᠠᠢ ᠤᠶᠠᠯᠳᠤᠭᠤᠯᠤᠨ᠂ ᠬᠢᠮᠢ ᠶᠢᠨ ᠡᠮ ᠲᠠᠢ ᠹᠣᠰᠹᠣᠷ ᠬᠦᠴᠢᠯ ᠤᠨ ᠬᠤᠶᠠᠷ | ᠤᠰᠤᠲᠥ᠋ᠷᠥᠭᠴᠢᠲᠤ ᠺᠠᠯᠢ ᠶᠢ ᠰᠦᠷᠴᠢᠨ ᠣᠷᠣᠭᠤᠯᠵᠤ᠂ ᠪᠤᠭᠤᠳᠠᠢ ᠶᠢᠨ ᠰᠦᠷᠡᠯ ᠤᠨ ᠳᠣᠲᠣᠷᠠᠬᠢ ᠹᠣᠰᠹᠣᠷ ᠺᠠᠯᠢ ᠶᠢᠨ | ᠠᠭᠤᠯᠤᠭᠳᠠᠴᠠ ᠶᠢ ᠳᠡᠭᠡᠭᠰᠢᠯᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ | ᠪᠤᠭᠤᠳᠠᠢ ᠶᠢᠨ ᠲᠦᠷᠦᠭᠦᠦ᠂ ᠲᠦᠷᠦᠭᠦᠦ ᠪᠥᠭᠡᠯᠵᠢᠬᠦ ᠪᠠ ᠴᠡᠴᠡᠭ ᠳᠡᠯᠭᠡᠷᠡᠬᠦ ᠬᠤᠭᠤᠴᠠᠭᠠᠨ ᠳᠤ ᠲᠤᠰ ᠪᠦᠷᠢ | 0.2 ~ 0.5% ᠶᠢᠨ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢᠨ ᠠᠭᠤᠰᠤᠮᠠᠯ ᠢ ᠰᠦᠷᠴᠢᠵᠦ | ᠪᠣᠯᠣᠨ᠎ᠠ᠃ ᠰᠦᠷᠴᠢᠨ ᠤᠰᠤᠯᠠᠬᠤ ᠨᠥᠬᠦᠴᠡᠯ ᠲᠠᠢ ᠭᠠᠵᠠᠷ ᠲᠤ ᠬᠠᠭᠤᠷᠠᠢ ᠬᠠᠯᠠᠭᠤᠨ ᠰᠠᠯᠬᠢ ᠢᠷᠡᠬᠦ ᠦᠶ᠎ᠡ ᠳᠤ | ᠰᠦᠷᠴᠢᠨ ᠤᠰᠤᠯᠠᠬᠤ ᠲᠥᠬᠦᠭᠡᠷᠦᠮᠵᠢ ᠪᠠᠨ ᠨᠡᠭᠡᠭᠡᠵᠦ᠂ 10 — 30 ᠮᠢᠨᠦ᠋ᠲ ᠰᠦᠷᠴᠢᠨ ᠣᠷᠣᠭᠤᠯᠪᠠᠯ᠂ | ᠠᠭᠠᠷ ᠤᠨ ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠬᠤ ᠪᠠ ᠠᠭᠠᠷ ᠤᠨ ᠴᠢᠭᠢᠭ ᠤᠨ ᠬᠡᠮᠵᠢᠶ᠎ᠡ ᠶᠢ | ᠨᠡᠮᠡᠭᠳᠡᠭᠦᠯᠵᠦ᠂ ᠬᠠᠭᠤᠷᠠᠢ ᠬᠠᠯᠠᠭᠤᠨ ᠰᠠᠯᠬᠢᠨ ᠤ ᠬᠥᠨᠥᠭᠡᠯ ᠢ ᠡᠰᠡᠷᠭᠦᠴᠡᠨ ᠬᠤᠷᠢᠭᠯᠠᠵᠤ᠂ ᠭᠠᠷᠤᠯᠲᠠ ᠶᠢᠨ | ᠬᠡᠮᠵᠢᠶ᠎ᠡ ᠶᠢᠨ ᠬᠤᠬᠢᠷᠠᠯ ᠢ ᠪᠠᠭᠠᠰᠬᠠᠵᠤ ᠴᠢᠳᠠᠨ᠎ᠠ᠃ | | | | | | | | | | | | 7 ᠰᠠᠷ᠎ᠠ ᠶᠢᠨ 9 ᠤ ᠡᠳᠦᠷ ᠠᠴᠠ 7 ᠰᠠᠷ᠎ᠠ ᠶᠢᠨ 11 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ | ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠲᠠᠰ ᠤᠨ ᠲᠠᠷᠬᠠᠯᠲᠠ ᠶᠢᠨ ᠵᠢᠷᠤᠭ |