ᠭᠦᠭᠡᠬᠤᠳᠠ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠮᠠᠯ ᠤᠨ ᠦᠢᠯᠡᠰ ᠤᠨ ᠬᠥᠭᠵᠢᠯᠲᠡ ᠶᠢ ᠠᠬᠢᠭᠤᠯᠤᠯ᠎ᠠ
ᠨᠡᠶᠢᠲᠡᠯᠡᠭᠰᠡᠨ ᠴᠠᠭ᠄
2024/7/8
      ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ  4 ᠰᠠᠷ᠎ᠠ ᠶᠢᠨ ᠡᠬᠢᠨ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠤᠷ ᠤᠨ ᠲᠠᠷᠢᠶᠠᠯᠠᠭ᠎ᠠ ᠶᠢ ᠲᠡᠳᠬᠦᠵᠦ ᠲᠤᠰᠬᠠᠢ ᠮᠡᠷᠭᠡᠵᠢᠯᠲᠡᠨ ᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠷ᠎ᠠ ᠭᠠᠷᠤᠢ ᠶᠢᠨ ᠲᠤᠷᠰᠢ ᠨᠡᠶᠢᠲᠡ 100 ᠭᠠᠷᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠲᠤᠰᠬᠠᠢ ᠮᠡᠷᠭᠡᠵᠢᠯᠲᠡᠨ ᠢ 9 ᠬᠤᠰᠢᠭᠤ ᠰᠢᠶᠠᠨ ᠲᠣᠭᠤᠷᠢᠭ ᠤᠨ 60 ᠭᠠᠷᠤᠢ ᠬᠦᠷᠢᠶᠡᠯᠡᠩ ᠲᠣᠭᠤᠷᠢᠭ᠂ ᠰᠠᠭᠤᠷᠢᠨ ᠪᠠ ᠲᠣᠰᠬᠤᠨ ᠳᠤ ᠲᠣᠮᠢᠯᠠᠨ ᠬᠠᠪᠤᠷ ᠤᠨ ᠲᠠᠷᠢᠶᠠᠯᠠᠭ᠎ᠠ ᠶᠢ ᠲᠡᠳᠬᠦᠬᠦ ᠦᠢᠯᠡᠴᠢᠯᠡᠭᠡ ᠬᠠᠩᠭᠠᠵᠤ᠂ ᠲᠠᠷᠢᠮᠠᠯ ᠤᠨ ᠦᠢᠯᠡᠰ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠲᠤᠯᠠᠭ᠎ᠠ ᠬᠠᠩᠭᠠᠪᠠ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠲᠤᠰᠬᠠᠢ ᠮᠡᠷᠭᠡᠵᠢᠯᠲᠡᠳ  ᠭᠤᠣᠯᠳᠠᠭᠤ ︽ᠰᠠᠶᠢᠨ ᠡᠭᠦᠯᠳᠡᠷ ᠰᠣᠩᠭᠤᠬᠤ᠂ ᠰᠠᠶᠢᠨ ᠴᠠᠭ ᠲᠣᠭᠢᠶᠠᠯ ᠢ ᠠᠮᠵᠢᠬᠤ᠂ ᠰᠠᠶᠢᠨ ᠠᠷᠭ᠎ᠠ ᠭᠡᠯᠪᠡᠷᠢ ᠶᠢ ᠠᠪᠬᠤ︾ ᠵᠡᠷᠭᠡ ᠶᠢᠨ ᠲᠣᠭᠤᠷᠢᠨ ᠳᠤ ᠲᠠᠷᠢᠵᠤ ᠰᠠᠭᠤᠯᠭᠠᠬᠤ ᠪᠠ ᠴᠢᠬᠢᠯᠡᠵᠦ ᠤᠷᠭᠤᠬᠤ ᠶᠠᠪᠤᠴᠠ ᠳᠠᠬᠢ ᠬᠠᠮᠢᠶᠠᠷᠤᠯᠲᠠ ᠶᠢᠨ ᠲᠤᠬᠠᠢ ᠪᠣᠯᠪᠠᠰᠤᠷᠠᠯ ᠵᠢᠯᠣᠭᠤᠳᠤᠯᠭ᠎ᠠ ᠬᠠᠩᠭᠠᠵᠤ᠂ ᠲᠠᠷᠢᠶᠠᠴᠢᠨ ᠡᠷᠦᠭᠡ ᠪᠠ ᠰᠠᠭᠤᠷᠢᠨ ᠤ ᠮᠡᠷᠭᠡᠵᠢᠯ ᠤᠨ ᠠᠵᠢᠯᠲᠠᠨ ᠤ ᠰᠢᠯᠢᠳᠡᠭ ᠡᠭᠦᠯᠳᠡᠷ ᠢ ᠨᠠᠷᠢᠯᠢᠭ ᠰᠣᠩᠭᠤᠬᠤ᠂ ᠰᠢᠨ᠎ᠡ ᠲᠥᠬᠦᠭᠡᠷᠦᠮᠵᠢ ᠶᠢ ᠬᠡᠷᠡᠭᠯᠡᠬᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠯᠲᠠ ᠬᠢᠬᠦ ᠵᠡᠷᠭᠡ ᠲᠠᠯ᠎ᠠ ᠪᠠᠷ ᠵᠢᠭᠠᠨ ᠵᠢᠯᠣᠭᠤᠳᠤᠭᠰᠠᠨ ᠪᠠᠶᠢᠨ᠎ᠠ᠃ ᠰᠠᠶᠢᠬᠠᠨ ᠲᠣᠭᠤᠷᠢᠭ ᠤᠨ ᠬᠢᠨ ︽ᠲᠠᠷᠢᠶᠠᠨ ᠴᠢᠬᠢ ᠶᠢ ᠰᠠᠶᠢᠲᠤᠷ ᠪᠣᠶᠢᠵᠢᠭᠤᠯᠵᠤ ᠬᠠᠪᠤᠷ ᠤᠨ ᠲᠠᠷᠢᠶᠠᠯᠠᠭ᠎ᠠ ᠶᠢ ᠳᠡᠮᠵᠢᠬᠦ︾ ᠡᠭᠦᠯᠳᠡᠷ ᠤᠨ ᠲᠠᠨᠢᠯᠴᠠᠭᠤᠯᠭ᠎ᠠ᠂ ᠲᠤᠷᠰᠢᠯᠭ᠎ᠠ ᠰᠤᠷᠤᠯᠴᠠᠬᠤ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠲᠠᠷᠢᠶᠠᠴᠢᠨ ᠡᠷᠦᠭᠡ ᠶᠢᠨ ᠢᠳᠡᠰᠢᠨ ᠨᠣᠭᠤᠭ᠎ᠠ ᠶᠢᠨ ᠰᠠᠶᠢᠨ ᠴᠢᠬᠢ ᠰᠣᠩᠭᠤᠬᠤ ᠳᠤ ᠬᠠᠪᠰᠤᠷᠪᠠ᠃ ᠦᠴᠦᠸᠠᠨ ᠰᠢᠶᠠᠨ ᠲᠥᠮᠥᠰᠥ ᠲᠠᠷᠢᠵᠤ ᠤᠷᠭᠤᠭᠤᠯᠬᠤ 2 ᠪᠦᠯᠭᠦᠮ ᠤᠨ 18 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠲᠤᠰᠬᠠᠢ ᠮᠡᠷᠭᠡᠵᠢᠯᠲᠡᠨ ᠳᠤ ᠲᠦᠰᠢᠭᠯᠡᠨ ᠲᠥᠮᠥᠰᠥᠨ ᠤ ᠰᠢᠨ᠎ᠡ ᠡᠭᠦᠯᠳᠡᠷ ᠤᠨ ᠬᠠᠩᠭᠠᠯᠭ᠎ᠠ᠂ ᠲᠥᠮᠥᠰᠥ ᠲᠠᠷᠢᠬᠤ ᠮᠡᠷᠭᠡᠵᠢᠯ᠂ ᠲᠥᠮᠥᠰᠥᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠲᠠᠷᠢᠶᠠᠴᠢᠨ ᠡᠷᠦᠭᠡ ᠳᠤ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠪᠠ᠃ ᠲᠦᠮᠡᠳ ᠵᠡᠭᠦᠨ ᠬᠤᠰᠢᠭᠤᠨ ᠤ ᠬᠢᠨ 3 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠲᠤᠰᠬᠠᠢ ᠮᠡᠷᠭᠡᠵᠢᠯᠲᠡᠨ ᠢ ᠲᠣᠮᠢᠯᠠᠵᠤ ᠭᠤᠣᠯᠳᠠᠭᠤ ᠨᠡᠷᠡᠨ ᠬᠤᠸᠠᠷ ᠤᠨ ᠰᠢᠨ᠎ᠡ ᠡᠭᠦᠯᠳᠡᠷ ᠢ ᠲᠠᠨᠢᠯᠴᠠᠭᠤᠯᠵᠤ᠂ ᠪᠠᠰᠠ ᠰᠦᠯᠢᠶᠥᠦ ᠪᠦᠷᠬᠦᠪᠴᠢ ᠳᠣᠣᠷ᠎ᠠ ᠤᠰᠤᠯᠠᠵᠤ ᠪᠣᠷᠳᠣᠭᠤᠷ ᠤᠷᠤᠭᠤᠯᠬᠤ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠳᠡᠯᠭᠡᠷᠡᠭᠦᠯᠵᠦ᠂ ᠨᠡᠷᠡᠨ ᠬᠤᠸᠠᠷ ᠤᠨ ᠡᠪᠡᠳᠴᠢᠨ ᠡᠮᠭᠡᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠲᠠᠷᠢᠶᠠᠴᠢᠨ ᠡᠷᠦᠭᠡ ᠳᠤ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠵᠠᠢ᠃ ᠴᠢᠩ ᠱᠦᠢ ᠾᠧ ᠰᠢᠶᠠᠨ᠂ ᠢᠦᠶᠢᠴᠢᠤᠸᠠᠨ ᠲᠣᠭᠤᠷᠢᠭ ᠵᠡᠷᠭᠡ ᠭᠠᠵᠠᠷ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠲᠤᠰᠬᠠᠢ ᠮᠡᠷᠭᠡᠵᠢᠯᠲᠡᠨ ᠲᠣᠮᠢᠯᠠᠨ ᠡᠯᠳᠡᠪ ᠠᠮᠤ ᠳᠠᠷᠢᠬᠤ᠂ ᠢᠳᠡᠰᠢᠨ ᠨᠣᠭᠤᠭ᠎ᠠ ᠤᠷᠭᠤᠮᠠᠯ ᠢ ᠬᠠᠮᠠᠭᠠᠯᠠᠬᠤ ᠵᠡᠷᠭᠡ ᠲᠠᠯ᠎ᠠ ᠪᠠᠷ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠥᠷᠨᠢᠭᠦᠯᠪᠡ᠃      ᠣᠶᠢᠯᠠᠭᠠᠭᠰᠠᠨ ᠢᠶᠠᠷ᠂ ᠰᠠᠷ᠎ᠠ ᠬᠠᠭᠠᠰ ᠤᠨ ᠬᠤᠭᠤᠴᠠᠭᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠪᠠ ᠲᠤᠰᠬᠠᠢ ᠮᠡᠷᠭᠡᠵᠢᠯᠲᠡᠳ ᠢᠳᠡᠰᠢᠨ ᠨᠣᠭᠤᠭ᠎ᠠ᠂ ᠲᠥᠮᠥᠰᠥ᠂ ᠡᠷᠳᠡᠨᠢ ᠰᠢᠰᠢ ᠵᠡᠷᠭᠡ ᠶᠢᠨ 80 ᠭᠠᠷᠤᠢ ᠰᠢᠨ᠎ᠡ ᠡᠭᠦᠯᠳᠡᠷ ᠪᠠ 30 ᠭᠠᠷᠤᠢ ᠵᠦᠢᠯ ᠤᠨ ᠰᠢᠨ᠎ᠡ ᠮᠡᠷᠭᠡᠵᠢᠯ ᠢ ᠳᠡᠯᠭᠡᠷᠡᠭᠦᠯᠵᠦ᠂ 5000 ᠭᠠᠷᠤᠢ ᠲᠠᠷᠢᠶᠠᠴᠢᠨ ᠡᠷᠦᠭᠡ ᠳᠤ ᠠᠰᠢᠭ ᠬᠦᠷᠲᠡᠭᠡᠪᠡ᠃ ᠲᠡᠷᠡ ᠮᠥᠷᠲᠡᠭᠡᠨ ᠲᠠᠷᠢᠮᠠᠯ ᠤᠨ ᠦᠢᠯᠡᠰ ᠤᠨ ᠪᠦᠭᠦ ᠶᠠᠪᠤᠴᠠ ᠳᠤ ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠭᠡ ᠶᠢᠨ ᠰᠢᠨᠵᠢᠯᠡᠬᠦ ᠤᠬᠠᠭᠠᠨᠴᠢ ᠪᠠᠷ ᠲᠠᠷᠢᠵᠤ ᠠᠷᠠᠴᠢᠯᠠᠵᠤ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠦᠨᠡᠨ ᠬᠦ ᠪᠠᠲᠤᠯᠠᠵᠤ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号