2024 ᠣᠨ ᠤ ᠪᠥᠬᠦ ᠣᠷᠣᠨ ᠤ ︽ᠠᠷᠪᠠᠨ ᠰᠢᠯᠢᠳᠡᠭ ᠲᠠᠷᠢᠶᠠᠯᠠᠩ ᠢ ᠳᠡᠮᠵᠢᠬᠦ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/7/9
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽2024 ᠣᠨ ᠤ ᠪᠥᠬᠦ ᠣᠷᠣᠨ ᠤ ︿ᠠᠷᠪᠠᠨ ᠰᠢᠯᠢᠳᠡᠭ ᠲᠠᠷᠢᠶᠠᠯᠠᠩ ᠢ ᠳᠡᠮᠵᠢᠬᠦ﹀ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠲᠠᠨᠢᠯᠴᠠᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠠᠷᠬᠠᠭᠠᠭᠰᠠᠨ ︹2020︺290 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠰᠢᠭᠰᠢᠨ ᠰᠣᠩᠭᠤᠬᠤ᠂ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠰᠢᠯᠭᠠᠷᠠᠭᠤᠯᠬᠤ ᠠᠵᠢᠯ ᠢ ᠥᠷᠨᠢᠭᠦᠯᠪᠡ᠃ ᠡᠳᠦᠭᠡ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ᠃       ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 7 ᠰᠠᠷ᠎ᠠ ᠶᠢᠨ 8 ᠤ ᠡᠳᠦᠷ ᠠᠴᠠ 12 ᠤᠨ ᠡᠳᠦᠷ ᠪᠣᠯᠲᠠᠯ᠎ᠠ᠃ ᠬᠡᠷᠪᠡ ᠣᠨᠳᠣᠣ ᠰᠠᠨᠠᠯ ᠲᠠᠢ ᠪᠠᠶᠢᠪᠠᠯ᠂ ᠦᠨᠡᠨ ᠨᠡᠷ᠎ᠡ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠲᠤ ᠳᠤᠰᠬᠠᠭᠠᠷᠠᠢ᠃ ᠪᠠᠶᠢᠳᠠᠯ ᠢᠶᠠᠨ ᠲᠤᠰᠬᠠᠬᠤ ᠳᠤ ᠪᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠶᠢᠨ ᠬᠠᠮᠲᠤ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠢ᠃      ᠬᠠᠷᠢᠯᠴᠠᠬᠤ ᠤᠲᠠᠰᠤ᠄ 0471 - 6652061         ᠳᠠᠭᠠᠯᠳᠤᠭᠤᠯᠤᠯ᠄ 2024 ᠣᠨ ᠤ ᠪᠥᠬᠦ ᠣᠷᠣᠨ ᠤ ︽ᠠᠷᠪᠠᠨ ᠰᠢᠯᠢᠳᠡᠭ ᠲᠠᠷᠢᠶᠠᠯᠠᠩ ᠢ ᠳᠡᠮᠵᠢᠬᠦ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠲᠠᠨᠢᠯᠴᠠᠭᠤᠯᠬᠤ ᠨᠡᠷᠡᠰ                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2024 ᠣᠨ ᠤ 7 ᠰᠠᠷ᠎ᠠ ᠶᠢᠨ 6 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号