ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠬᠤᠶᠠᠳᠤᠭᠠᠷ ᠤᠯᠠᠷᠢᠯ ᠤᠨ ᠲᠡᠵᠢᠭᠡᠨ ᠦᠷᠡᠵᠢᠭᠦᠯᠬᠦ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/9
      2024 ᠣᠨ ᠤ 4 ᠰᠠᠷ᠎ᠠ ᠠᠴᠠ 6 ᠰᠠᠷ᠎ᠠ ᠶᠢᠨ ᠬᠤᠭᠤᠷᠣᠨᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠶᠢ 718 ᠤᠳᠠᠭ᠎ᠠ ᠬᠢᠨᠠᠯᠲᠠ ᠲᠠᠯᠪᠢᠨ ᠪᠠᠶᠢᠴᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ 7507 ᠬᠤᠪᠢ ᠲᠠᠷᠬᠠᠭᠠᠵᠤ᠂ 1443 ᠬᠥᠮᠥᠨ ᠤᠳᠠᠭ᠎ᠠ ᠪᠠᠶᠢᠴᠠᠭᠠᠯᠲᠠ ᠶᠢᠨ ᠠᠵᠢᠯᠲᠠᠨ ᠬᠥᠳᠡᠯᠭᠡᠪᠡ᠃      ᠪᠠᠶᠢᠴᠠᠭᠠᠬᠤ ᠶᠠᠪᠤᠴᠠ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠨᠢᠭᠡᠴᠡ ᠳᠤ ᠬᠠᠤᠯᠢ ᠲᠣᠭᠲᠠᠭᠠᠯ ᠠᠴᠠ ᠵᠥᠷᠢᠴᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠶᠢᠨ ᠪᠣᠳᠠᠰ ᠤᠨ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠃ ᠡᠯ᠎ᠡ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠨᠦᠭᠦᠳ ᠤᠯᠤᠰ ᠠᠴᠠ ᠵᠥᠪᠰᠢᠶᠡᠷᠡᠭᠰᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠪᠣᠷᠳᠣᠭᠠᠨ ᠤ ᠨᠡᠮᠡᠯᠲᠡ ᠡᠳ᠋ ᠢ ᠬᠠᠤᠯᠢ ᠶᠣᠰᠣᠭᠠᠷ ᠬᠡᠷᠡᠭᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠵᠢᠭᠠᠰᠤ ᠵᠢᠷᠠᠭᠠᠬᠠᠢ ᠶᠢ ᠣᠷᠤᠭᠤᠯᠬᠤ᠂ ᠦᠢᠯᠡᠳᠪᠦᠷᠢᠯᠡᠬᠦ᠂ ᠲᠡᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠨᠠᠶᠢᠳᠠᠪᠤᠷᠢᠵᠢᠭᠤᠯᠤᠭᠰᠠᠨ ᠪᠠᠶᠢᠨ᠎ᠠ᠃                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2024 ᠣᠨ ᠤ 7 ᠰᠠᠷ᠎ᠠ ᠶᠢᠨ 9 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号